3 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠪᠦᠯᠬᠦᠮ ᠳᠠᠭ᠋ᠠᠭᠤᠯᠤᠨ ᠬᠥᠬᠡᠬᠣᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠤᠨ ᠠᠵᠢᠯ᠎ᠢ ᠪᠠᠢ᠌ᠴᠠᠭ᠋ᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠵᠠᠶ᠃

ᠪᠠᠢ᠌ᠴᠠᠭ᠋ᠠᠨ ᠰᠤᠳᠤᠯᠬᠤ ᠳᠤᠭᠤᠢ᠌ᠯᠠᠩ ᠤᠷᠢᠳ ᠬᠣᠵᠢᠳ ᠥᠪᠥᠷ ᠮᠣᠩᠭᠣᠯ᠎ᠤᠨ ᠺᠸ ᠲᠦᠸᠸ ᠠᠮᠢᠳᠤ ᠪᠣᠳᠠᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠨᠠᠷᠢᠯᠢᠭ ᠭᠡᠷᠡᠯ ᠰᠡᠷᠡᠯᠵᠢ᠎ᠳᠤ ᠲᠤᠮᠤ ᠰᠢᠨᠵᠢᠯᠡᠬᠦ ᠤᠬᠠᠭ᠋ᠠᠨ᠎ᠤ ᠲᠣᠨᠣᠭᠯᠠᠯ᠎ᠤᠨ ᠪᠦᠳᠦᠭᠡᠨ ᠪᠠᠢ᠌ᠭᠤᠯᠤᠯᠲᠠ ᠪᠣᠯᠤᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠤᠷᠰᠢᠯᠲᠠ ᠵᠢᠨ ᠰᠠᠭᠤᠷᠢᠨ᠎ᠢ ᠰᠢᠨᠵᠢᠯᠡᠨ ᠪᠠᠢ᠌ᠴᠠᠭ᠋ᠠᠵᠤ᠂ ᠬᠣᠰᠢᠭᠤᠷᠠᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠣᠯᠤᠨ ᠠᠵᠤ ᠦᠢ᠍ᠯᠡᠰᠵᠢᠯᠲᠡ ᠵᠢ ᠨᠠᠢ᠌ᠳᠠᠪᠤᠷᠢᠵᠢᠭᠤᠯᠤᠭᠰᠠᠨ ᠠᠵᠢᠯ᠎ᠤᠨ ᠪᠠᠢ᠌ᠳᠠᠯ᠎ᠢ ᠨᠠᠷᠢᠨ ᠣᠢ᠌ᠯᠠᠭ᠋ᠠᠪᠠ ᠃

ᠰᠦᠨ ᠵᠢᠶᠦ᠋ᠨ ᠴᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠤᠨ ᠵᠠᠩᠭᠢᠯᠠᠭ᠎ᠠ᠎ᠨᠢ ᠴᠡᠭ ᠵᠶ᠋ᠡᠨ ᠣᠨᠣᠪᠴᠢᠲᠠᠢ ᠣᠯᠵᠤ᠂ ᠲᠤᠮᠤ ᠰᠢᠨᠵᠢᠯᠡᠬᠦ ᠤᠬᠠᠭ᠋ᠠᠨ᠎ᠤ ᠲᠣᠨᠣᠭᠯᠠᠯ᠎ᠨᠢ ᠳᠡᠯᠡᠬᠡᠢ ᠵᠢᠨ ᠬᠤᠰᠢᠭᠤᠷᠠᠯᠢ ᠬᠠᠷᠠᠭ᠋ᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠴᠢᠭᠯᠡᠯ᠎ᠢ ᠬᠦᠳᠦᠯᠥᠨ ᠳᠠᠭ᠋ᠠᠭᠤᠯᠵᠤ᠂ ᠴᠢᠬᠤᠯᠠ ᠶᠡᠬᠡ ᠲᠦᠷᠦᠯ ᠵᠦᠢ᠍ᠯ᠎ᠨᠢ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠬᠥᠭᠵᠢᠯᠲᠡ ᠵᠢ ᠬᠦᠳᠦᠯᠥᠨ ᠳᠠᠭ᠋ᠠᠭᠤᠯᠵᠤ᠂ ᠣᠷᠣᠢ᠌ᠯᠠᠭᠰᠠᠨ ᠰᠢᠨᠵᠢᠯᠡᠬᠦ ᠤᠬᠠᠭ᠋ᠠᠨᠲᠠᠳ᠎ᠤᠨ ᠤᠤᠭ᠋ᠠᠯ ᠡᠭᠦᠳᠦᠯᠲᠡ ᠵᠢᠨ ᠬᠦᠳᠦᠯᠦᠨ ᠳᠠᠭ᠋ᠠᠭᠤᠯᠬᠤ ᠴᠢᠨᠠᠷᠲᠠᠢ ᠪᠣᠭᠣᠮᠲᠠ ᠰᠢᠪᠲᠤᠯᠤᠯᠲᠠ ᠬᠢᠬᠦ ᠵᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠬᠢᠬᠦ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠬᠢᠬᠦ ᠢᠨᠵᠧᠨᠧᠷᠢᠩ ᠣᠷᠣᠭᠤᠯᠤᠭᠰᠠᠨ ᠭᠣᠤᠯᠳᠠᠯᠭ᠎ᠠ᠎ᠲᠠᠢ ᠲᠥᠷᠥᠯ ᠵᠦᠢᠯ᠎ᠳᠤ ᠳᠡᠮᠵᠢᠯᠭᠡ᠎ᠪᠠᠨ ᠨᠡᠮᠡᠭᠳᠡᠭᠦᠯᠦᠨ᠂ ᠡᠯ᠎ᠡ ᠲᠠᠯ᠎ᠠ ᠵᠢᠨ ᠬᠦᠴᠦᠨ᠎ᠢ ᠵᠣᠬᠢᠴᠠᠭᠤᠯᠤᠨ ᠡᠬᠢ ᠪᠠᠶᠠᠯᠢᠭ᠎ᠢ ᠳᠣᠭᠢᠷᠠᠭᠤᠯᠵᠤ᠂ ᠨᠢᠭᠡ ᠬᠣᠶᠠᠷ ᠴᠡᠭ᠎ᠲᠤ ᠴᠢᠬᠤᠯᠠ ᠶᠡᠬᠡ ᠰᠢᠪᠲᠤᠯᠤᠯᠲᠠ ᠵᠢ ᠤᠷᠢᠳᠠᠪᠠᠷ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠠᠩ ᠴᠢᠩ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ ᠵᠦ᠍ ᠵᠢᠶᠠᠨ ᠭᠦᠸᠧ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠣ ᠪᠠᠢ᠌ᠴᠠᠭ᠋ᠠᠨ ᠰᠤᠳᠤᠯᠤᠯᠲᠠ ᠬᠢᠪᠠ᠃