
3 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ 2024 ᠣᠨ᠎ᠤ ᠭᠤᠷᠪᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠲᠠᠪᠤᠨ ᠶᠡᠬᠡ ᠡᠭᠦᠷᠭᠡ》᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠵᠢᠴᠢ ᠥᠪᠡᠷᠲᠡᠭᠡᠨ ᠵᠠᠰᠠᠬᠤ ᠣᠷᠣᠨ᠎ᠤ ᠭᠣᠤᠯ ᠤᠳᠤᠷᠢᠳᠤᠯᠭ᠎ᠠ ᠵᠢᠨ ᠴᠣᠬᠣᠯᠠᠪᠤᠷᠢ ᠵᠡᠷᠭᠡ ᠭᠣᠤᠯᠳᠠᠯᠭ᠎ᠠ᠎ᠲᠠᠢ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》ᠵᠢᠨ ᠢᠨᠵᠧᠨᠧᠷᠢᠩ᠎ᠤᠨ ᠲᠤᠰᠬᠠᠶ ᠬᠡᠷᠡᠭᠵᠢᠭᠦᠯᠬᠦ ᠲᠥᠰᠦᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠰᠠᠢ᠌ᠲᠠᠶ ᠬᠥᠭᠵᠢᠯᠲᠡ ᠵᠢᠨ ᠠᠷᠭ᠎ᠠ ᠬᠡᠮᠵᠢᠶ᠎ᠡ᠎ᠨᠦᠭᠦᠳ ᠵᠢᠴᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠤᠨ ᠠᠵᠢᠯ᠎ᠤᠨ ᠬᠤᠪᠢᠶᠠᠷᠢᠯᠠᠯ᠎ᠤᠨ ᠬᠡᠷᠡᠭᠵᠢᠭᠦᠯᠬᠦ ᠲᠥᠰᠦᠯ᠎ᠢ ᠰᠤᠳᠤᠯᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》 ᠵᠢᠨ ᠢᠨᠵᠧᠨᠧᠷᠢᠩ᠎ᠢ ᠬᠡᠷᠡᠭᠵᠢᠭᠦᠯᠬᠦ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠠᠴᠠ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠡᠭᠦᠳᠬᠦ ᠵᠢᠨ ᠴᠢᠬᠤᠯᠠ ᠠᠭᠤᠯᠭ᠎ᠠ ᠪᠣᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠦᠨᠵᠡᠭᠡᠶ ᠤᠢ᠌ᠯᠠᠭ᠋ᠠᠨ ᠣᠨᠣᠪᠴᠢᠲᠠᠶ ᠡᠵᠡᠮᠳᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ》ᠵᠢᠨ ᠢᠨᠵᠧᠨᠧᠷᠢᠩ᠎ᠢ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠰᠢᠨ᠎ᠡ ᠵᠢ ᠡᠭᠦᠳᠬᠦ ᠲᠠᠪᠴᠠᠩ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠵᠠᠰᠠᠯᠲᠠ ᠪᠠ ᠪᠠᠲᠤᠯᠠᠭ᠎ᠠ ᠵᠢᠨ ᠲᠣᠭᠲᠠᠴᠠ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ᠎ᠤᠨ ᠲᠠᠰ ᠳᠡᠪᠰᠢᠬᠦ᠂ ᠰᠢᠨ᠎ᠡ᠎ᠪᠠᠷ ᠮᠠᠨᠳᠤᠭᠰᠠᠨ ᠠᠵᠤ ᠦᠢᠯᠡᠰ᠎ᠢ ᠪᠤᠵᠠᠭ᠋ᠠᠢ᠌ᠷᠠᠭᠤᠯᠬᠤ᠂ ᠢᠷᠡᠭᠡᠳᠦᠶ ᠵᠢᠨ ᠠᠵᠤ ᠦᠢᠯᠡᠰ᠎ᠢ ᠪᠣᠢ᠌ᠵᠢᠭᠤᠯᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ》᠎ᠳᠤ ᠴᠢᠩᠭ᠎ᠠ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠴᠢᠨᠠᠷ ᠰᠠᠢ᠌ᠲᠠᠶ ᠬᠥᠭᠵᠢᠯᠲᠡ ᠵᠢᠨ ᠠᠷᠭ᠎ᠠ ᠬᠡᠮᠵᠢᠶ᠎ᠡ᠎ᠨᠦᠭᠦᠳ》 ᠪᠣᠯ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ 30 ᠵᠤᠷᠪᠤᠰ》ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠠᠰ ᠳᠡᠪᠰᠢᠭᠰᠡᠨ ᠬᠡᠪ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ 《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠣᠨ》 ᠵᠶ᠋ᠠᠷ ᠠᠵᠠ ᠲᠣᠬᠢᠶᠠᠯ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢᠨ ᠰᠢᠨᠡᠳᠦᠨ ᠰᠣᠯᠢᠭᠳᠠᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ᠃ ᠨᠢᠭᠡ᠎ᠳᠤ᠂ ᠰᠢᠨ᠎ᠡ ᠬᠠᠭᠤᠴᠢᠨ ᠲᠦᠷᠦ ᠵᠢᠨ ᠪᠤᠳᠤᠯᠭ᠎ᠠ ᠵᠢ ᠵᠣᠯᠭ᠋ᠠᠯᠳᠤᠭᠤᠯᠬᠤ ᠠᠵᠢᠯ᠎ᠢ ᠨᠠᠷᠢᠨ ᠨᠢᠮᠪᠠᠢ ᠪᠠᠢ᠌ᠷᠢᠯᠠᠭᠤᠯᠵᠤ᠂ ᠲᠦᠷᠦᠯ ᠬᠤᠪᠢᠶᠠᠨ ᠰᠠᠢ᠌ᠲᠤᠷ ᠬᠢᠵᠦ᠂ ᠰᠢᠨ᠎ᠡ ᠬᠠᠭᠤᠴᠢᠨ ᠲᠦᠷᠦ ᠵᠢᠨ ᠪᠤᠳᠤᠯᠭ᠎ᠠ ᠵᠢ ᠵᠣᠯᠭ᠋ᠠᠯᠳᠤᠭᠤᠯᠬᠤ ᠠᠵᠢᠯ᠎ᠤᠨ ᠤᠷᠤᠭᠰᠢᠲᠠᠢ ᠶᠠᠪᠤᠭᠳᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠲᠣᠭᠲᠠᠭᠤᠨ ᠵᠶ᠋ᠠᠷ ᠠᠬᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠣᠶᠠᠷ᠎ᠲᠤ᠂ ᠤᠯᠠᠮ ᠴᠢᠨᠠᠭᠰᠢᠳᠠ ᠪᠣᠯᠪᠠᠰᠤᠷᠠᠭᠤᠯᠵᠤ᠂ ᠭᠣᠣᠯᠳᠠᠯᠭ᠎ᠠ ᠵᠢ ᠲᠤᠪᠤᠢ᠍ᠢ᠍ᠯᠭ᠋ᠠᠨ ᠭᠣᠣᠯ ᠵᠠᠩᠭᠢᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠵᠢᠨ 《ᠵᠢᠵᠢᠭ ᠬᠦᠰᠢᠬᠦᠷᠭᠡ》᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 《ᠶᠡᠬᠡ ᠬᠥᠭᠵᠢᠯᠲᠡ》 ᠵᠢ ᠳᠠᠢ᠌ᠴᠢᠯᠠᠬᠤ ᠬᠡᠷᠡᠭᠲᠡᠢ᠃ ᠭᠤᠷᠪᠠ᠎ᠳᠤ᠂ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠢ᠎ᠠ ᠵᠢᠨ ᠪᠦᠬᠦ ᠲᠠᠯ᠎ᠠ ᠵᠢ ᠨᠢᠭᠡᠳᠦᠯᠲᠡᠢ ᠲᠥᠯᠥᠪᠵᠢᠭᠦᠯᠬᠦ᠂ ᠰᠤᠳᠤᠯᠤᠨ ᠪᠠᠢ᠌ᠷᠢᠯᠠᠭᠤᠯᠬᠤ᠂ ᠡᠯ᠎ᠡ ᠲᠠᠯ᠎ᠠ ᠵᠢ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠪᠠᠢ᠌ᠷᠢᠰᠢᠭᠤᠯᠤᠯᠲᠠ ᠵᠢ ᠴᠢᠨᠠᠭᠰᠢᠳᠠ ᠰᠢᠯᠢᠳᠡᠭᠵᠢᠭᠦᠯᠬᠦ ᠵᠢ ᠠᠬᠢᠭᠤᠯᠬᠤ ᠬᠡᠷᠡᠭᠲᠡᠢ᠃ ᠳᠥᠷᠪᠡ᠎ᠳᠤ᠂ ᠲᠥᠷᠥ ᠵᠢᠨ ᠪᠣᠳᠣᠯᠭ᠎ᠠ ᠪᠢᠴᠢᠭ ᠮᠠᠲ᠋ᠧᠷᠢᠶᠠᠯ᠎ᠤᠨ ᠰᠤᠷᠲᠠᠯ᠎ᠢ ᠰᠠᠢ᠌ᠵᠢᠷᠠᠭᠤᠯᠵᠤ᠂ ᠨᠠᠩ ᠲᠣᠪᠴᠢ ᠠᠪᠰᠠᠷᠬᠠᠨ᠂ ᠠᠮᠠᠷᠬᠠᠨ ᠣᠢ᠌ᠯᠠᠭ᠋ᠠᠬᠤ ᠵᠦᠢᠯ ᠵᠤᠷᠪᠤᠰ ᠵᠶ᠋ᠠᠷ ᠲᠥᠷᠥ ᠵᠢᠨ ᠪᠣᠳᠣᠯᠭ᠎ᠠ ᠵᠢᠨ ᠠᠭᠤᠯᠭ᠎ᠠ ᠵᠢ ᠲᠣᠳᠣᠷᠬᠠᠶ ᠪᠥᠭᠡᠳ ᠣᠨᠣᠪᠴᠢᠲᠠᠶ ᠳᠠᠮᠵᠢᠭᠤᠯᠬᠤ ᠵᠢᠨ ᠬᠠᠮᠲᠤ᠂ ᠪᠥᠬᠥ ᠣᠷᠣᠨ᠎ᠤ ᠥᠷᠭᠡᠨ ᠣᠯᠠᠨ ᠰᠢᠨ᠎ᠡ ᠵᠢ ᠡᠭᠦᠳᠬᠦ ᠭᠣᠤᠯ ᠴᠣᠭᠴᠠ᠎ᠳᠤ ᠬᠠᠨᠳᠤᠭᠤᠯᠤᠨ ᠥᠷᠭᠡᠨ ᠵᠶ᠋ᠡᠷ ᠰᠠᠨᠠᠯ ᠬᠤᠷᠢᠶᠠᠬᠤ ᠵᠢᠨ ᠬᠠᠮᠲᠤ᠂ ᠲᠥᠷᠥ ᠵᠢᠨ ᠪᠣᠳᠣᠯᠭ᠎ᠠ ᠵᠢ ᠨᠡᠢ᠌ᠲᠡᠯᠡᠭᠰᠡᠨ᠎ᠤ ᠳᠠᠷᠠᠭ᠎ᠠ ᠤᠬᠠᠭᠤᠯᠭ᠎ᠠ ᠲᠠᠢ᠌ᠯᠤᠮᠵᠢ ᠵᠢ ᠪᠥᠬᠥ ᠲᠠᠯ᠎ᠠ᠎ᠪᠠᠷ ᠥᠷᠨᠢᠭᠦᠯᠵᠦ᠂ ᠰᠢᠨ᠎ᠡ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃ ᠲᠢᠩᠬᠢᠮ᠎ᠤᠨ ᠤᠳᠤᠷᠢᠳᠤᠯᠭ᠎ᠠ᠂ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃