3 ᠳ᠋ᠤᠭ᠋ᠠᠷ ᠰᠠᠷ᠎ᠠ ᠵᠢᠨ 14᠎ᠤ ᠡᠳᠦᠷ᠂ ᠭᠣᠮᠢᠨᠳᠠᠩ᠎ᠤᠨ ᠬᠤᠪᠢᠰᠬᠠᠯᠲᠤ ᠬᠣᠷᠢᠶ᠎ᠠ ᠵᠢᠨ ᠥᠪᠥᠷ ᠮᠣᠩᠭᠣᠯ᠎ᠤᠨ ᠬᠣᠷᠢᠶ᠎ᠠ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠭᠣᠮᠢᠨᠳᠠᠩ᠎ᠤᠨ ᠬᠤᠪᠢᠰᠬᠠᠯᠲᠤ ᠬᠣᠷᠢᠶ᠎ᠠ ᠵᠢᠨ ᠥᠪᠥᠷ ᠮᠣᠩᠭᠣᠯ᠎ᠤᠨ ᠬᠣᠷᠢᠶ᠎ᠠ ᠵᠢᠨ ᠡᠷᠬᠢᠯᠡᠭᠴᠢ ᠭᠡᠰᠢᠭᠦᠨ ᠪᠠᠢ ᠴᠢᠩ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠪᠠᠢ ᠴᠢᠩ ᠶᠤᠸᠠᠨ ᠬᠡᠯᠡᠬᠦ᠎ᠳᠤ᠎ᠪᠠᠨ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠬᠡᠵᠦ᠂ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠲᠤᠬᠠᠢ᠌ᠯᠠᠭᠰᠠᠨ ᠠᠵᠢᠯ᠎ᠳᠤ᠎ᠪᠠᠨ ᠨᠠᠢ᠌ᠳᠠᠪᠤᠷᠢᠵᠢᠭᠤᠯᠵᠤ᠂ ᠲᠠᠢ᠌ᠸᠠᠨ᠎ᠤ ᠠᠵᠢᠯ᠂ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ ᠵᠢᠨ ᠶᠠᠪᠤᠳᠠᠯ᠎ᠢ ᠵᠥᠪᠯᠡᠬᠦ ᠵᠡᠷᠭᠡ ᠬᠦᠷᠢᠶᠡᠨ᠎ᠳᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠲᠦᠷᠦ ᠵᠢᠨ ᠶᠠᠪᠤᠳᠠᠯ᠎ᠳᠤ ᠣᠷᠣᠯᠴᠠᠬᠤ ᠨᠠᠮ᠎ᠤᠨ ᠡᠭᠦᠷᠭᠡ᠎ᠪᠠᠨ ᠦᠨᠡᠨ ᠬᠦ᠌ ᠰᠠᠢ᠌ᠲᠤᠷ ᠭᠦᠢ᠍ᠴᠡᠳᠬᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠦᠯᠦᠭᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠭᠤᠮᠢᠨᠳᠠᠩ᠎ᠤᠨ ᠬᠤᠪᠢᠰᠬᠠᠯᠲᠤ ᠬᠣᠷᠢᠶ᠎ᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃