ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠤᠯᠤᠰ ᠲᠦᠷᠦ ᠵᠢᠨ ᠵᠥᠪᠯᠡᠯᠭᠡᠨ ᠰᠠᠨᠠᠯ ᠳᠤᠷᠠᠳᠤᠯᠭ᠎ᠠ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-03-21



      3 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ ᠬᠠᠮᠲᠤ᠎ᠪᠠᠷ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠬᠣᠶᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠬᠰᠠᠨ ᠪᠥᠭᠡᠳ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠠᠵᠢᠯ᠎ᠢ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠴᠡᠴᠡᠭ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠵᠢᠶᠧ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠵᠧᠩ ᠳ᠋ᠦᠩ ᠪᠦᠸᠧ᠂ ᠤᠯᠤᠰ ᠲᠥᠷᠥ ᠵᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃
      ᠬᠤᠷᠠᠯ᠎ᠠᠴᠠ 2023 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠭᠰᠡᠨ ᠦᠷ᠎ᠡ ᠳ᠋ᠦᠩ᠎ᠢ ᠵᠠᠷᠯᠠᠵᠤ᠂ 2023 ᠣᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠠᠵᠢᠯ᠎ᠤᠨ ᠲᠡᠷᠢᠭᠦᠨ᠎ᠤ ᠬᠠᠮᠲᠤ ᠪᠣᠯᠣᠨ ᠲᠡᠷᠢᠭᠦᠨ᠎ᠤ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠡᠪᠯᠡᠯ᠎ᠤᠨ ᠬᠣᠷᠢᠶ᠎ᠠ᠂ ᠪᠤᠭᠤᠲᠤ ᠬᠤᠳᠠ ᠵᠢᠨ ᠵᠠᠰᠠᠭ᠎ᠤᠨ ᠣᠷᠳᠣᠨ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃
      ᠬᠤᠷᠠᠯ᠎ᠠᠴᠠ᠂ ᠡᠯ᠎ᠡ ᠳᠠᠭ᠋ᠠᠭ᠋ᠠᠨ ᠡᠷᠭᠢᠯᠡᠭᠦ ᠨᠢᠭᠡᠴᠢ ᠵᠢᠨ᠎ᠬᠢᠨ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠯᠡ ᠲᠣᠳᠣ ᠶᠠᠰᠤ ᠴᠢᠨᠠᠷ᠎ᠤᠨ ᠤᠳᠤᠷᠢᠳᠤᠮᠵᠢ ᠵᠢ ᠪᠤᠶ ᠪᠤᠯᠭ᠋ᠠᠵᠤ᠂ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠰᠢᠨ᠎ᠡ ᠵᠢ ᠡᠭᠦᠳᠬᠦ ᠠᠷᠭ᠎ᠠ ᠬᠢᠳᠡᠯ᠎ᠢ ᠰᠦᠪᠡᠭᠴᠢᠯᠡᠨ ᠪᠡᠬᠢᠵᠢᠭᠦᠯᠵᠦ᠂ ᠭᠣᠣᠯᠳᠠᠯᠭ᠎ᠠ᠎ᠲᠠᠢ ᠰᠠᠨᠠᠯ ᠳᠤᠷᠠᠳᠤᠯᠭ᠎ᠠ ᠵᠢ ᠱᠠᠯᠠᠪᠳᠠᠭᠤᠯᠤᠨ ᠭᠦᠢ᠍ᠴᠡᠳᠬᠡᠬᠦ ᠦᠢ᠍ᠯᠡᠳᠦᠯ᠎ᠢ ᠪᠠᠳᠠᠷᠠᠭᠤᠯᠵᠤ᠂ ᠨᠠᠩ ᠣᠯᠠᠨ ᠰᠠᠨᠠᠯ ᠳᠤᠷᠠᠳᠤᠯᠭ᠎ᠠ ᠰᠠᠨᠠᠭᠤᠯᠭ᠎ᠠ ᠵᠢ ᠨᠠᠮ ᠵᠠᠰᠠᠭ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠰᠣᠩᠭᠣᠯᠲᠠ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠵᠢᠯ ᠦᠷᠨᠢᠭᠦᠯᠬᠦ ᠵᠢ ᠵᠢᠩᠬᠢᠨᠢ᠎ᠪᠠᠷ ᠡᠬᠢᠯᠡᠭᠦᠯᠪᠡ ᠵᠠᠩ ᠶᠠᠨ ᠺᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠸᠢᠳᠢᠤ᠋ ᠬᠤᠷᠠᠯ ᠬᠤᠷᠠᠯᠳᠤᠪᠠ ᠵᠧᠩ ᠭᠤᠸᠠᠩ ᠵᠤᠤ ᠶᠠᠷᠢᠶ᠎ᠠ ᠲᠠᠯᠪᠢᠪᠠ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠠᠷ ᠰᠣᠩᠭᠣᠭᠳᠠᠪᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2024 ᠣᠨ᠎ᠤ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠵᠢ 18.7 ᠳ᠋ᠦᠩᠰᠢᠭᠤᠷ ᠲᠥᠭᠥᠷᠢᠭ ᠪᠠᠭᠤᠯᠭ᠋ᠠᠪᠠ
ᠰᠦᠨ ᠵᠢᠶᠦ᠋ᠨ ᠴᠢᠩ ᠤᠯᠠᠭ᠋ᠠᠨᠬᠠᠳᠠ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠠᠢ᠌ᠴᠠᠭ᠋ᠠᠨ ᠰᠤᠳᠤᠯᠪᠠ
 
            