2 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠳᠤ ᠬᠦᠷᠴᠦ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠢ ᠪᠣᠯᠭᠣᠭ᠋ᠠᠨ ᠲᠣᠬᠣᠨᠢᠭᠤᠯᠵᠤ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠠᠢ᠌ᠷ᠎ᠠ ᠬᠠᠯᠠᠮᠵᠢ ᠵᠢ ᠬᠦᠷᠭᠡᠭᠰᠡᠨ ᠪᠥᠭᠡᠳ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠤᠤ ᠵᠢᠶᠠᠨ ᠵᠦᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠸᠩ ᠵᠢᠶᠠ ᠵᠢᠤᠢ ᠠᠵᠢᠯᠯᠠᠭ᠎ᠠ᠎ᠳᠤ ᠣᠷᠣᠯᠴᠠᠵᠠᠢ᠃

ᠪᠤᠤ ᠰᠢᠶᠠᠨ ᠬᠤᠸᠠ ᠬᠡᠰᠡᠭ ᠪᠠᠢ᠌ᠭᠤᠯᠭ᠎ᠠ ᠵᠢᠨ ᠭᠠᠵᠠᠷ ᠲᠠᠰᠤᠭ᠎ᠲᠤ ᠬᠦᠷᠴᠦ ᠲᠣᠬᠣᠨᠢᠭᠤᠯᠵᠤ᠂ ᠬᠦᠷᠦᠭᠰᠡᠨ ᠭᠠᠵᠠᠷ ᠪᠣᠯᠭ᠋ᠠᠨ᠎ᠳᠠᠭᠠᠨ ᠤᠯᠠᠨ᠎ᠲᠠᠢ ᠳᠣᠲᠣᠨᠣ᠎ᠪᠠᠷ ᠶᠠᠷᠢᠯᠴᠠᠵᠤ᠂ ᠤᠯᠠᠨ᠎ᠢ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ᠎ᠪᠠᠨ ᠦᠷᠭᠦᠯᠵᠢᠯᠡᠨ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠡᠯ᠎ᠡ ᠵᠦᠢ᠍ᠯ᠎ᠤᠨ ᠠᠵᠢᠯ᠎ᠤᠨ ᠰᠢᠨ᠎ᠡ ᠠᠮᠵᠢᠯᠲᠠ ᠤᠯᠬᠤ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃

ᠶᠠᠷᠢᠯᠴᠠᠬᠤ ᠬᠤᠷᠠᠯ ᠳᠡᠭᠡᠷ᠎ᠡ᠂ ᠪᠤᠤ ᠰᠢᠶᠠᠨ ᠬᠤᠸᠠ ᠡᠩ ᠲᠡᠷᠢᠭᠦᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠦᠨ᠎ᠡ᠎ᠠᠴᠠ ᠤᠯᠠᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠥᠩᠭᠡᠷᠡᠭᠰᠡᠨ ᠨᠢᠭᠡ ᠵᠢᠯ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠶ ᠨᠠᠢ᠌ᠳᠠᠪᠤᠷᠢᠵᠢᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠬᠦ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠂ ᠪᠠᠢ᠌ᠭᠤᠯᠤᠮᠵᠢ ᠲᠣᠭᠲᠠᠴᠠ ᠵᠢ ᠰᠢᠯᠢᠳᠡᠭᠵᠢᠭᠦᠯᠬᠦ᠂ ᠳᠡᠭᠡᠳᠦ ᠴᠢᠳᠠᠪᠤᠷᠢ ᠵᠢᠨ ᠲᠠᠰ᠎ᠤᠨ ᠲᠠᠪᠴᠠᠩ᠎ᠢ ᠪᠠᠢ᠌ᠭᠤᠯᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠢᠳᠡᠪᠬᠢᠲᠡᠶ ᠠᠬᠢᠴᠠ᠎ᠲᠠᠢ ᠪᠣᠯᠪᠠ᠃ ᠰᠢᠨ᠎ᠡ ᠨᠢᠭᠡ ᠵᠢᠯ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠺᠠᠳ᠋ᠷ ᠠᠵᠢᠯᠲᠠᠨ ᠦᠷᠭᠦᠯᠵᠢᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠶᠡᠷᠦ ᠪᠤᠰᠤ ᠵᠢᠨ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ᠌ᠷᠡᠭᠦᠯᠵᠦ᠂ ᠴᠡᠭ ᠵᠶ᠋ᠡᠨ ᠣᠨᠣᠪᠴᠢᠲᠠᠶ ᠣᠯᠵᠤ᠂ ᠣᠨᠢᠨ ᠳᠡᠭᠡᠷ᠎ᠡ᠎ᠨᠢ ᠬᠦᠴᠦᠯᠡᠵᠦ᠂ ᠪᠣᠭᠣᠮᠲᠠ ᠰᠢᠪᠲᠤᠯᠬᠤ ᠡᠷᠴᠢ ᠵᠣᠷᠢᠭ᠂ ᠯᠠᠪᠲᠠᠶ ᠢᠯᠠᠯᠲᠠ ᠤᠯᠬᠤ ᠢᠲᠡᠭᠡᠯ ᠵᠣᠷᠢᠭ ᠵᠶ᠋ᠠᠷ ᠰᠢᠨ᠎ᠡ ᠳᠠᠪᠠᠭᠤᠯᠢᠭ᠎ᠢ ᠪᠣᠶ ᠪᠣᠯᠭ᠋ᠠᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠬᠥᠳᠡᠯᠭᠡᠭᠦᠷ᠎ᠢ ᠲᠦᠷᠭᠡᠨ ᠪᠦᠷᠢᠯᠳᠦᠭᠦᠯᠬᠦ ᠬᠡᠷᠡᠭᠲᠡᠶ ᠭᠡᠵᠦ ᠬᠡᠯᠡᠪᠡ᠃

ᠰᠦᠨ ᠵᠢᠶᠦ᠋ᠨ ᠴᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠰᠢᠨ᠎ᠡ ᠦᠷ᠎ᠡ ᠪᠦᠲᠦᠮᠵᠢ ᠤᠯᠪᠠ᠃ ᠰᠢᠨ᠎ᠡ ᠨᠢᠭᠡ ᠵᠢᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠨᠡᠩ ᠢᠯᠡᠭᠦᠦ ᠬᠦᠴᠦᠯᠡᠨ ᠴᠢᠷᠮᠠᠢ᠌ᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ᠂ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠵᠢ ᠰᠢᠪᠲᠤᠯᠬᠤ》 ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠪᠡ᠃

ᠹᠸᠩ ᠵᠢᠶᠠ ᠵᠢᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠦᠷᠭᠦᠯᠵᠢᠯᠡᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ《ᠰᠢᠪᠲᠤᠯᠤᠯᠲᠠ ᠬᠢᠵᠦ》᠂ ᠲᠥᠪᠯᠡᠷᠡᠭᠦᠯᠦᠨ ᠪᠣᠭᠣᠮᠲᠠ ᠰᠢᠪᠲᠤᠯᠵᠤ᠂ ᠪᠦᠬᠦ ᠬᠦᠴᠦᠨ ᠵᠶ᠋ᠡᠷ ᠵᠶ᠋ᠡᠨ ᠰᠢᠪᠲᠤᠯᠤᠯᠲᠠ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠬᠥᠭᠵᠢᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠳᠤ ᠲᠦᠰᠢᠭᠯᠡᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠬᠥᠳᠡᠯᠭᠡᠬᠦ ᠬᠦᠴᠦᠨ᠎ᠤ ᠲᠣᠭᠲᠠᠴᠠ ᠵᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠣᠷᠣᠬᠤ》᠎ᠳᠤ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠲᠡᠢ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠠᠮᠢᠶ᠎ᠠ ᠪᠥᠬᠥᠶ ᠬᠥᠮᠦᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠭᠠᠵᠠᠷ ᠲᠠᠰᠤᠭ᠂ ᠲᠢᠩᠬᠢᠮ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠵᠠᠶ᠃