ᠣᠢ᠌ᠷ᠎ᠠ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠸᠢᠳᠢᠤ᠋ ᠬᠤᠷᠠᠯ ᠬᠤᠷᠠᠯᠳᠤᠪᠠ᠃ ᠬᠤᠷᠠᠯ᠎ᠳᠤ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠂ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠶᠠᠷᠢᠶ᠎ᠠ ᠲᠠᠯᠪᠢᠪᠠ᠃
ᠬᠤᠷᠠᠯ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠠᠮ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠠᠬᠢ ᠬᠠᠷᠢᠴᠠᠯᠠᠰᠢᠭᠦᠢ ᠤᠳᠤᠷᠢᠳᠤᠯᠭ᠎ᠠ ᠵᠢᠨ ᠳᠦᠷᠢᠮ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠲᠦᠷᠪᠡᠨ ᠡᠷᠡᠰ》᠎ᠢ ᠰᠠᠢ᠌ᠲᠤᠷ ᠠᠳᠬᠤᠵᠤ᠂ 《ᠲᠦᠷᠪᠡᠨ ᠬᠡᠯᠪᠡᠷᠢ》 ᠵᠢ ᠰᠠᠢ᠌ᠲᠤᠷ ᠬᠡᠷᠡᠭᠯᠡᠵᠦ᠂ ᠰᠤᠷᠲᠠᠯ᠎ᠤᠨ ᠠᠷᠬᠠᠭ ᠭᠡᠮ᠎ᠢ ᠴᠡᠭᠴᠡᠯᠡᠵᠦ᠂ ᠴᠠᠭᠳᠠᠭ᠎ᠠ ᠵᠢᠨ ᠰᠢᠯᠢᠳᠡᠭ ᠰᠤᠷᠲᠠᠯ᠎ᠢ ᠪᠠᠳᠠᠷᠠᠭᠤᠯᠵᠤ᠂ 《ᠲᠡᠮᠦᠷ ᠮᠡᠲᠦ ᠳᠥᠷᠪᠡᠨ ᠵᠦᠢ᠍ᠯ》 ᠪᠦᠬᠦᠢ ᠳᠣᠲᠣᠭ᠋ᠠᠳᠤ ᠵᠢ ᠬᠠᠮᠠᠭ᠋ᠠᠯᠠᠬᠤ ᠲᠡᠮᠦᠷ ᠴᠡᠷᠢᠭ᠎ᠢ ᠬᠦᠴᠦᠯᠡᠨ ᠪᠣᠯᠪᠠᠰᠤᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃