ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2024 ᠣᠨ᠎ᠤ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠵᠢ 18.7 ᠳ᠋ᠦᠩᠰᠢᠭᠤᠷ ᠲᠥᠭᠥᠷᠢᠭ ᠪᠠᠭᠤᠯᠭ᠋ᠠᠪᠠ
ᠨᠡᠶ᠋ᠢᠲᠡᠯᠡᠭᠰᠡᠨ ᠴᠠᠭ᠄ 2024-03-19

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2024 ᠣᠨ᠎ᠤ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠵᠢ ᠨᠢᠭᠡᠨᠲᠡ 18.7 ᠳ᠋ᠦᠩᠰᠢᠭᠤᠷ ᠲᠥᠭᠥᠷᠢᠭ ᠪᠠᠭᠤᠯᠭ᠋ᠠᠪᠠ (ᠲᠥᠪ᠎ᠠᠴᠠ ᠰᠢᠯᠵᠢᠭᠦᠯᠦᠨ ᠥᠭᠭᠦᠭᠰᠡᠨ ᠪᠡᠯᠡ ᠮᠥᠩᠭᠥ 14.42 ᠳ᠋ᠦᠩᠰᠢᠭᠤᠷ ᠲᠥᠭᠥᠷᠢᠭ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ 4.28 ᠳ᠋ᠦᠩᠰᠢᠭᠤᠷ ᠲᠥᠭᠥᠷᠢᠭ)᠃ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠵᠢ 《ᠤᠷᠢᠬᠠᠨ ᠰᠠᠯᠬᠢᠨ》᠎ᠢ ᠪᠠᠭᠲᠠᠭ᠋ᠠᠭᠰᠠᠨ ᠣᠯᠠᠨ ᠨᠡᠶ᠋ᠢᠲᠡ ᠵᠢᠨ ᠠᠵᠢᠯ ᠣᠯᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠵᠢᠴᠢ ᠲᠡᠳᠡᠭᠡᠷ᠎ᠤᠨ ᠶᠡᠬᠡ ᠳᠡᠭᠡᠳᠦ ᠰᠤᠷᠭ᠋ᠠᠭᠤᠯᠢ᠎ᠨᠤᠭᠤᠳ᠎ᠯᠤᠭ᠎ᠠ ᠥᠷᠨᠢᠭᠦᠯᠦᠭᠰᠡᠨ ᠡᠯᠰᠡᠯᠲᠡ ᠪᠠ ᠦᠢ᠍ᠯᠡᠰ ᠪᠣᠰᠬᠠᠬᠤ ᠦᠢ᠍ᠯᠡᠴᠢᠯᠡᠭᠡᠨ᠎ᠢ ᠳᠡᠮᠵᠢᠬᠦ᠎ᠳᠤ ᠬᠡᠷᠡᠭᠯᠡᠵᠦ ᠪᠣᠯᠣᠨ᠎ᠠ᠃
     2024 ᠣᠨ ᠪᠣᠯ ᠮᠠᠨ᠎ᠤ ᠤᠯᠤᠰ ᠵᠠᠯᠭ᠋ᠠᠭ᠎ᠠ᠎ᠪᠠᠷ 《ᠤᠷᠢᠬᠠᠨ   ᠰᠠᠯᠬᠢᠨ》᠎ᠢ ᠥᠷᠨᠢᠭᠦᠯᠦᠭᠰᠡᠨ 20 ᠳ᠋ᠤᠭ᠋ᠠᠷ ᠵᠢᠯ ᠪᠣᠯᠣᠨ᠎ᠠ᠃ ᠤᠯᠤᠰ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ ᠰᠡᠭᠦᠯᠴᠢ᠎ᠠᠴᠠ 4 ᠳ᠋ᠦ᠍ᠭᠡᠷ ᠰᠠᠷ᠎ᠠ ᠵᠢᠨ ᠡᠬᠢᠨ ᠪᠣᠯᠲᠠᠯ᠎ᠠ᠂ ᠥᠪᠥᠷ ᠮᠣᠩᠭᠣᠯ 《ᠤᠷᠢᠬᠠᠨ   ᠰᠠᠯᠬᠢᠨ》 ᠠᠵᠢᠯ ᠣᠯᠭᠣᠯᠲᠠ ᠵᠢ ᠠᠬᠢᠭᠤᠯᠵᠤ   ᠣᠨᠣᠪᠴᠢᠲᠠᠢ ᠦᠢ᠍ᠯᠡᠴᠢᠯᠡᠨ ᠬᠥᠭᠵᠢᠯᠲᠡ ᠵᠢ ᠠᠬᠢᠭᠤᠯᠬᠤ》᠎ᠪᠠᠷ ᠰᠡᠳᠦᠪᠯᠡᠭᠰᠡᠨ 2024 ᠣᠨ᠎ᠤ 《ᠤᠷᠢᠬᠠᠨ ᠰᠠᠯᠬᠢᠨ》 ᠲᠤᠰᠬᠠᠢ ᠦᠢ᠍ᠯᠡᠴᠢᠯᠡᠭᠡᠨ᠎ᠤ ᠠᠵᠢᠯᠯᠠᠭ᠎ᠠ ᠵᠢ ᠪᠥᠬᠥ ᠲᠠᠯ᠎ᠠ᠎ᠪᠠᠷ ᠡᠬᠢᠯᠡᠭᠦᠯᠪᠡ᠃
    《ᠤᠷᠢᠬᠠᠨ ᠰᠠᠯᠬᠢᠨ》 ᠪᠣᠯ ᠨᠡᠢ᠌ᠭᠡᠮ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠬᠡᠷᠡᠭᠴᠡᠭᠡ ᠵᠢ ᠪᠠᠲᠤᠯᠠᠬᠤ᠂ ᠠᠵᠤ ᠠᠬᠤᠢ᠌ᠯᠠᠯ᠎ᠤᠨ ᠬᠥᠭᠵᠢᠯᠲᠡ ᠵᠢ ᠠᠬᠢᠭᠤᠯᠬᠤ᠂ ᠵᠠᠬ᠎ᠠ ᠳᠡᠯᠭᠡᠭᠦᠷ᠎ᠤᠨ ᠢᠲᠡᠭᠡᠯ᠎ᠢ ᠨᠡᠮᠡᠭᠳᠡᠭᠦᠯᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ᠎ᠪᠠᠷ ᠵᠣᠷᠢᠯᠲᠠ ᠪᠣᠯᠭ᠋ᠠᠭᠰᠠᠨ ᠠᠵᠢᠯᠯᠠᠭ᠎ᠠ ᠪᠣᠯᠣᠨ᠎ᠠ᠃ ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠳᠡᠮᠵᠢᠵᠦ ᠪᠠᠢ᠌ᠭ᠎ᠠ 《ᠤᠷᠢᠬᠠᠨ ᠰᠠᠯᠬᠢᠨ》 ᠲᠤᠰᠬᠠᠢ ᠦᠢ᠍ᠯᠡᠴᠢᠯᠡᠭᠡᠨ᠎ᠤ ᠠᠵᠢᠯᠯᠠᠭ᠎ᠠ ᠴᠠᠭ᠋ᠠᠨ ᠰᠠᠷ᠎ᠠ ᠵᠢᠨ ᠡᠮᠦᠨ᠎ᠡ ᠬᠣᠢ᠌ᠨᠠᠬᠢ ᠬᠥᠳᠡᠯᠮᠦᠷᠢᠴᠢᠳ᠎ᠤᠨ ᠠᠵᠢᠯ ᠰᠣᠯᠢᠬᠤ ᠣᠷᠭᠢᠯ ᠬᠤᠭᠤᠴᠠᠭ᠎ᠠ ᠪᠠ ᠠᠵᠤ ᠠᠬᠤᠢ᠌ᠯᠠᠯ᠎ᠤᠨ ᠠᠵᠢᠯ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠠᠩᠭᠢᠯᠠᠭ᠎ᠠ ᠵᠢ ᠴᠢᠩᠭ᠎ᠠ ᠠᠩᠬᠠᠷᠴᠤ᠂ ᠬᠥᠳᠡᠭᠡ ᠲᠣᠰᠬᠣᠨ᠎ᠤ ᠬᠥᠳᠡᠯᠮᠦᠷᠢᠴᠢᠳ ᠪᠠ ᠠᠵᠢᠯᠴᠢᠨ ᠬᠡᠷᠡᠭᠰᠡᠬᠦ ᠨᠢᠭᠡᠴᠢ᠎ᠨᠦᠭᠦᠳ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠬᠥᠯᠥᠰᠦᠨ ᠠᠵᠢᠯᠴᠢᠳ᠎ᠤᠨ ᠡᠮᠬᠢ ᠵᠢᠷᠤᠮ᠎ᠲᠠᠢ᠎ᠪᠠᠷ ᠭᠠᠳᠠᠭᠰᠢ ᠭᠠᠷᠬᠤ ᠵᠢ ᠲᠥᠪᠯᠡᠷᠡᠭᠦᠯᠦᠨ ᠬᠥᠲᠥᠯᠥᠨ ᠵᠢᠯᠤᠭᠣᠳᠬᠤ᠂ ᠣᠢ᠌ᠷ᠎ᠠ ᠬᠠᠪᠢ᠎ᠳᠤ᠎ᠪᠠᠨ ᠠᠵᠢᠯᠯᠠᠬᠤ ᠪᠠ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠵᠢ ᠠᠬᠢᠭᠤᠯᠬᠤ᠂ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠤᠨ ᠠᠵᠢᠯᠴᠢᠨ ᠤᠷᠢᠵᠤ ᠬᠡᠷᠡᠭᠯᠡᠬᠦ ᠵᠡᠷᠭᠡ᠎ᠳᠤ ᠴᠢᠭᠯᠡᠭᠦᠯᠦᠨ ᠬᠠᠮᠢᠶ᠎ᠠ ᠪᠦᠬᠦᠢ ᠦᠢ᠍ᠯᠡᠴᠢᠯᠡᠭᠡ ᠵᠢ ᠥᠷᠨᠢᠭᠦᠯᠪᠡ᠃ 2 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ᠂ ᠪᠥᠬᠥ ᠣᠷᠣᠨ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠡᠯᠰᠡᠯᠲᠡ ᠵᠢ ᠨᠡᠶ᠋ᠢᠲᠡ 555 ᠤᠳᠠᠭ᠎ᠠ ᠵᠣᠬᠢᠶᠠᠨ ᠪᠠᠢ᠌ᠭᠤᠯᠵᠤ᠂ 23.93 ᠲᠦᠮᠡᠨ ᠠᠵᠢᠯ᠎ᠤᠨ ᠪᠠᠢ᠌ᠷᠢ ᠬᠠᠩᠭ᠋ᠠᠭᠰᠠᠨ ᠪᠠᠢ᠌ᠨ᠎ᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠦᠨ ᠵᠢᠶᠦ᠋ᠨ ᠴᠢᠩ ᠤᠯᠠᠭ᠋ᠠᠨᠬᠠᠳᠠ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ 《ᠲᠠᠪᠤᠨ ᠶᠡᠬᠡ ᠡᠭᠦᠷᠭᠡ》 ᠪᠠ 《ᠨᠢᠭᠡ ᠴᠣᠭᠴᠠᠵᠢᠭᠤᠯᠬᠤ ᠢᠨᠵᠧᠨᠧᠷᠢᠩ》᠎ᠤᠨ ᠬᠣᠯᠪᠣᠭᠳᠠᠯ ᠪᠦᠬᠦᠢ ᠵᠦᠢ᠍ᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠥᠪᠡᠷᠲᠡᠭᠡᠨ ᠵᠠᠰᠠᠬᠤ ᠣᠷᠣᠨ 《ᠨᠡᠪᠲᠡᠷᠬᠡᠢ ᠬᠦᠨᠦᠰᠦᠭ》 ᠰᠢᠰᠲ᠋ᠧᠮ᠎ᠢ ᠰᠦᠪᠡᠭᠴᠢᠯᠡᠨ ᠪᠠᠢ᠌ᠭᠤᠯᠤᠭ᠋ᠠᠳ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠯᠡᠨ ᠦᠷ᠎ᠡ ᠠᠰᠢᠭ᠎ᠢ᠎ᠨᠢ ᠨᠡᠮᠡᠭᠳᠡᠭᠦᠯᠵᠦ 《ᠦᠨᠳᠦᠰᠦᠨ ᠱᠠᠲᠤᠨ᠎ᠠᠴᠠ ᠬᠦᠨᠦᠰᠦᠭ ᠠᠪᠬᠤ》 ᠵᠢ 《ᠰᠢᠰᠲ᠋ᠧᠮ᠎ᠠᠴᠠ ᠳ᠋ᠠᠢ᠌ᠲ᠋ᠠ ᠠᠪᠬᠤ》 ᠪᠤᠯᠭ᠋ᠠᠬᠤ᠎ᠪᠠᠷ ᠪᠤᠶ
ᠲᠥᠷᠥ ᠵᠢᠨ ᠶᠠᠪᠤᠳᠠᠯ᠎ᠤᠨ ᠬᠣᠷᠢᠶ᠎ᠠ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠪᠠᠢ᠌ᠭᠤᠯᠬᠤ ᠵᠢ ᠵᠥᠪᠰᠢᠶᠡᠷᠡᠵᠡᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠥᠯᠥᠨ ᠪᠣᠢ᠌ᠷ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠪᠠ
 
            