ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠵᠢᠯ ᠦᠷᠨᠢᠭᠦᠯᠬᠦ ᠵᠢ ᠵᠢᠩᠬᠢᠨᠢ᠎ᠪᠠᠷ ᠡᠬᠢᠯᠡᠭᠦᠯᠪᠡ ᠵᠠᠩ ᠶᠠᠨ ᠺᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-03-20


       3 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠪᠦᠬᠦ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠵᠢᠯ ᠦᠷᠨᠢᠭᠦᠯᠬᠦ ᠡᠬᠢᠯᠡᠯᠲᠡ ᠵᠢᠨ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠧᠧ ᡁᠢ ᠬᠤ᠌ ᠡᠬᠢᠯᠡᠯᠲᠡ ᠵᠢᠨ ᠶᠣᠰᠣᠯᠠᠯ᠎ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃
      ᠬᠤᠷᠠᠯ᠎ᠠᠴᠠ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠵᠢᠯ᠎ᠢ ᠦᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠤᠯᠤᠰ ᠲᠥᠷᠥ ᠵᠢᠨ ᠵᠥᠪᠯᠡᠯᠭᠡᠨ᠎ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ᠃ ᠤᠯᠤᠰ ᠲᠥᠷᠥ ᠵᠢᠨ ᠵᠦᠪᠯᠡᠯᠭᠡᠨ᠎ᠤ ᠭᠡᠰᠢᠭᠦᠳ᠎ᠤᠨ ᠳᠠᠪᠠᠭᠤᠯᠢᠭ ᠦᠢ᠍ᠯᠡᠳᠦᠯ᠎ᠢ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠵᠢᠯ᠎ᠢ ᠦᠷᠨᠢᠭᠦᠯᠬᠦ ᠵᠢᠨ ᠬᠦᠴᠦᠯᠡᠬᠦ ᠭᠣᠣᠯᠳᠠᠯᠭ᠎ᠠ ᠵᠢ ᠣᠨᠣᠪᠴᠢᠲᠠᠢ ᠡᠷᠢᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠰᠠᠢ᠌ᠲᠤᠷ ᠬᠦᠴᠦᠨ ᠨᠡᠮᠡᠷᠢᠯᠡᠵᠦ᠂ 《ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠡᠭᠦᠷᠭᠡ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ ᠪᠤᠲᠠᠲᠠᠢ ᠠᠵᠢᠯ᠎ᠤᠨ ᠲᠣᠬᠢᠷᠠᠭᠤᠯᠤᠯᠲᠠ ᠵᠢ ᠤᠩᠰᠢᠨ ᠨᠡᠢ᠌ᠲᠡᠯᠡᠵᠦ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠲᠥᠯᠦᠭᠡᠯᠡᠭᠴᠢ ᠣᠪᠣᠷ ᠵᠶ᠋ᠠᠨ ᠢᠯᠡᠳᠬᠡᠬᠦ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠨᠦᠬᠦᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠡᠯ᠎ᠡ ᠲᠤᠰᠬᠠᠢ ᠵᠦᠪᠯᠡᠯ᠎ᠤᠨ ᠬᠠᠷᠢᠭᠤᠴᠠᠯᠭ᠋ᠠᠲᠠᠨ ᠨᠦᠬᠦᠳ᠂ ᠬᠦᠬᠡᠬᠣᠲᠠ᠎ᠳᠤ ᠰᠠᠭᠤᠭ᠎ᠠ ᠬᠡᠰᠡᠭ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠦᠬᠡᠬᠣᠲᠠ ᠵᠢᠨ ᠬᠣᠲᠠ ᠪᠠ ᠲᠣᠭᠤᠷᠢᠭ᠎ᠤᠨ ᠤᠯᠤᠰ ᠲᠥᠷᠥ ᠵᠢᠨ ᠵᠥᠪᠯᠡᠯᠭᠡᠨ ᠵᠢᠴᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠨᠦᠬᠦᠳ ᠪᠠ ᠬᠡᠰᠡᠭ ᠤᠯᠤᠰ ᠲᠥᠷᠥ ᠵᠢᠨ ᠵᠦᠪᠯᠡᠯᠭᠡᠨ᠎ᠤ ᠭᠡᠰᠢᠭᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠠᠢ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠸᠢᠳᠢᠤ᠋ ᠬᠤᠷᠠᠯ ᠬᠤᠷᠠᠯᠳᠤᠪᠠ ᠵᠧᠩ ᠭᠤᠸᠠᠩ ᠵᠤᠤ ᠶᠠᠷᠢᠶ᠎ᠠ ᠲᠠᠯᠪᠢᠪᠠ
ᠮᠠᠨ᠎ᠤ ᠣᠷᠣᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠠᠷ ᠰᠣᠩᠭᠣᠭᠳᠠᠪᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2024 ᠣᠨ᠎ᠤ ᠠᠵᠢᠯ ᠣᠯᠭᠣᠯᠲᠠ ᠵᠢᠨ ᠨᠥᠬᠥᠪᠦᠷᠢ ᠪᠡᠯᠡ ᠮᠥᠩᠭᠥ ᠵᠢ 18.7 ᠳ᠋ᠦᠩᠰᠢᠭᠤᠷ ᠲᠥᠭᠥᠷᠢᠭ ᠪᠠᠭᠤᠯᠭ᠋ᠠᠪᠠ
ᠰᠦᠨ ᠵᠢᠶᠦ᠋ᠨ ᠴᠢᠩ ᠤᠯᠠᠭ᠋ᠠᠨᠬᠠᠳᠠ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ 《ᠲᠠᠪᠤᠨ ᠶᠡᠬᠡ ᠡᠭᠦᠷᠭᠡ》 ᠪᠠ 《ᠨᠢᠭᠡ ᠴᠣᠭᠴᠠᠵᠢᠭᠤᠯᠬᠤ ᠢᠨᠵᠧᠨᠧᠷᠢᠩ》᠎ᠤᠨ ᠬᠣᠯᠪᠣᠭᠳᠠᠯ ᠪᠦᠬᠦᠢ ᠵᠦᠢ᠍ᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
 
            