ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ 3 ᠳ᠋ᠤᠭ᠋ᠠᠷ ᠰᠠᠷ᠎ᠠ ᠵᠢᠨ 18᠎ᠤ ᠡᠳᠦᠷ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠡᠢ᠌ᠲᠡᠯᠡᠭᠰᠡᠨ ᠮᠡᠳᠡᠭᠡ᠎ᠠᠴᠠ ᠦᠵᠡᠪᠡᠯ᠂ ᠥᠪᠥᠷ ᠮᠣᠩᠭᠣᠯ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠮᠤᠵᠢ ᠣᠷᠣᠨ ᠵᠶ᠋ᠠᠷ ᠰᠣᠩᠭᠣᠭᠳᠠᠪᠠ᠃
ᠣᠢ᠌ᠯᠠᠭ᠋ᠠᠭᠰᠠᠨ ᠵᠶ᠋ᠠᠷ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠪᠣᠯ ᠡᠮᠨᠡᠯᠭᠡ ᠵᠢᠨ ᠰᠢᠭᠤᠳ ᠬᠠᠩᠭ᠋ᠠᠬᠤ ᠡᠮᠴᠢᠯᠡᠭᠡᠨ᠎ᠤ ᠮᠡᠷᠭᠡᠵᠢᠯ᠎ᠤᠨ ᠵᠦᠢ᠍ᠯᠡᠰ᠂ ᠲᠥᠬᠦᠭᠡᠷᠦᠮᠵᠢ ᠪᠡᠯᠡᠳᠬᠡᠮᠵᠢ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠮᠥᠨ᠂ ᠲᠤᠬᠠᠢ᠌ᠯᠠᠪᠠᠯ ᠡᠯ᠎ᠡ ᠵᠦᠢ᠍ᠯ᠎ᠤᠨ ᠮᠡᠰᠡ ᠵᠠᠰᠠᠯ᠂ ᠣᠨᠣᠰᠢᠯᠠᠨ ᠪᠠᠢ᠌ᠴᠠᠭ᠋ᠠᠯᠲᠠ᠂ ᠪᠠᠢ᠌ᠴᠠᠭ᠋ᠠᠨ ᠰᠢᠯᠭ᠋ᠠᠯᠲᠠ᠂ ᠰᠤᠪᠢᠯᠠᠯᠲᠠ ᠵᠡᠷᠭᠡ ᠡᠮᠴᠢᠯᠡᠭᠡᠨ᠎ᠤ ᠦᠢ᠍ᠯᠡᠴᠢᠯᠡᠭᠡᠨ᠎ᠤ ᠰᠦᠢ᠍ᠳᠬᠡᠯ ᠪᠣᠯᠣᠨ᠎ᠠ᠃ ᠲᠤᠰ ᠤᠳᠠᠭ᠋ᠠᠨ᠎ᠤ ᠥᠭᠡᠷᠡᠴᠢᠯᠡᠯᠲᠡ᠎ᠨᠢ ᠭᠣᠣᠯᠳᠠᠭᠤ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠵᠢ ᠲᠥᠷᠥᠯ ᠠᠩᠭᠢᠯᠠᠨ ᠪᠦᠷᠢᠯᠳᠦᠭᠦᠯᠬᠦ ᠲᠣᠭᠲᠠᠴᠠ᠂ ᠦᠨ᠎ᠡ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ᠂ ᠦᠨ᠎ᠡ ᠵᠢᠨ ᠵᠦᠢ᠍ᠯᠡᠰ᠎ᠤᠨ ᠬᠠᠮᠢᠶᠠᠷᠤᠯᠲᠠ ᠵᠢᠨ ᠲᠣᠭᠲᠠᠴᠠ ᠪᠠ ᠦᠨ᠎ᠡ ᠵᠢ ᠬᠢᠨᠠᠨ ᠬᠡᠮᠵᠢᠵᠦ ᠰᠢᠯᠭ᠋ᠠᠬᠤ ᠲᠣᠭᠲᠠᠴᠠ ᠵᠡᠷᠭᠡ 5 ᠲᠠᠯ᠎ᠠ ᠵᠢᠨ ᠲᠣᠭᠣᠷᠢᠨ᠎ᠳᠤ ᠶᠠᠪᠤᠭᠳᠠᠨ᠎ᠠ᠃ ᠡᠭᠦᠨ᠎ᠤ ᠵᠣᠷᠢᠯᠭ᠎ᠠ᠎ᠨᠢ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠬᠠᠮᠢᠶᠠᠷᠤᠯᠲᠠ ᠵᠢᠨ ᠡᠷᠬᠡ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢ ᠲᠣᠭᠲᠠᠭ᠋ᠠᠬᠤ ᠪᠠ ᠲᠣᠬᠢᠷᠠᠭᠤᠯᠬᠤ ᠳᠦᠷᠢᠮ ᠶᠠᠪᠤᠴᠠ ᠵᠢ ᠲᠡᠭᠦᠯᠳᠡᠷᠵᠢᠭᠦᠯᠬᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠬᠠᠮᠢᠶᠠᠷᠤᠯᠲᠠ ᠵᠢᠨ ᠲᠤᠰᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ᠎ᠳᠤ ᠪᠣᠢ᠃
《ᠥᠭᠡᠷᠡᠴᠢᠯᠡᠯᠲᠡ ᠵᠢᠨ ᠭᠣᠣᠯᠳᠠᠯᠭ᠎ᠠ ᠪᠣᠯ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠵᠢᠨ ᠰᠢᠨ᠎ᠡ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ ᠵᠢ ᠲᠣᠬᠢᠷᠠᠭᠤᠯᠬᠤ᠂ ᠬᠡᠷᠬᠢᠨ ᠲᠣᠬᠢᠷᠠᠭᠤᠯᠬᠤ ᠮᠡᠷᠭᠡᠵᠢᠯ᠎ᠤᠨ ᠴᠢᠨᠠᠷᠲᠠᠢ ᠠᠰᠠᠭᠤᠳᠠᠯ᠎ᠤᠳ᠎ᠢ ᠠᠯᠪᠠᠨ᠎ᠤ ᠪᠠᠢ᠌ᠭᠤᠯᠤᠭᠰᠠᠨ ᠡᠮᠨᠡᠯᠭᠡ ᠵᠢᠨ ᠲᠥᠯᠥᠪᠦᠷᠢ ᠥᠭᠬᠦ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠴᠢᠯᠡᠬᠦ᠂ ᠡᠮᠴᠢᠯᠡᠭᠡᠨ᠎ᠤ ᠵᠠᠷᠤᠳᠠᠯ᠎ᠢ ᠬᠢᠵᠠᠭ᠋ᠠᠷᠯᠠᠬᠤ᠂ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠲᠥᠯᠥᠬᠦ ᠵᠡᠷᠭᠡ ᠰᠢᠰᠲ᠋ᠧᠮ᠎ᠤᠨ ᠠᠰᠠᠭᠤᠳᠠᠯ᠎ᠤᠳ᠎ᠢ ᠠᠬᠢᠭᠤᠯᠬᠤ᠎ᠯᠤᠭ᠎ᠠ ᠨᠢᠭᠡᠳᠦᠯᠲᠡᠢ ᠲᠥᠯᠥᠪᠯᠡᠵᠦ᠂ ᠶᠡᠷᠦᠩᠬᠡᠢ᠌ᠯᠡᠭᠰᠡᠨ ᠦᠢ᠍ᠯᠡᠳᠦᠯ ᠭᠠᠷᠭ᠋ᠠᠬᠤ ᠶᠠᠪᠤᠳᠠᠯ ᠪᠣᠯᠣᠨ᠎ᠠ᠃》 ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠡᠮ ᠡᠮᠨᠡᠯᠭᠡ ᠵᠢᠨ ᠦᠨ᠎ᠡ ᠬᠢᠭᠡᠳ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ᠎ᠤᠨ ᠳᠠᠷᠤᠭ᠎ᠠ ᠯᠢ ᠱᠦ᠍ ᠵᠧᠨ ᠢᠯᠡᠷᠬᠡᠢ᠌ᠯᠡᠭᠰᠡᠨ᠎ᠨᠢ᠂ ᠲᠤᠷᠰᠢᠯᠲᠠ ᠵᠢᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠲᠤᠷᠰᠢᠯᠲᠠ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ᠎ᠪᠠᠷ ᠴᠢᠷᠮᠠᠢ᠌ᠵᠤ᠂ ᠤᠯᠤᠰ᠎ᠲᠤ ᠡᠮᠴᠢᠯᠡᠭᠡᠨ᠎ᠤ ᠦᠨ᠎ᠡ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠎ᠬᠢ ᠬᠠᠭᠤᠯᠤᠨ ᠳᠡᠯᠭᠡᠷᠡᠭᠦᠯᠬᠦᠢ᠌ᠴᠡ ᠥᠪᠥᠷ ᠮᠣᠩᠭᠣᠯ᠎ᠤᠨ ᠲᠤᠷᠰᠢᠯᠭ᠎ᠠ ᠵᠢ ᠰᠦᠪᠡᠭᠴᠢᠯᠡᠵᠦ ᠥᠭᠭᠦᠨ᠎ᠡ ᠭᠡᠵᠡᠢ᠃