ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶ᠎ᠠ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠪᠠᠢ᠌ᠭᠤᠯᠬᠤ ᠵᠢ ᠵᠥᠪᠰᠢᠶᠡᠷᠡᠵᠡᠢ
ᠨᠡᠶ᠋ᠢᠲᠡᠯᠡᠭᠰᠡᠨ ᠴᠠᠭ᠄ 2024-03-25


    ᠲᠥᠷᠥ ᠵᠢᠨ ᠶᠠᠪᠤᠳᠠᠯ᠎ᠤᠨ ᠬᠣᠷᠢᠶ᠎ᠠ ᠲᠦᠷᠦᠭᠦᠬᠡᠨ ᠴᠣᠬᠣᠯᠠᠪᠤᠷᠢ ᠥᠭᠴᠦ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠪᠠᠢ᠌ᠭᠤᠯᠬᠤ ᠵᠢ ᠵᠥᠪᠰᠢᠶᠡᠷᠡᠪᠡ᠃
      ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠲᠠᠯᠠᠪᠠᠢ 9.03 ᠲᠡᠭᠰᠢ ᠳᠦᠷᠪᠡᠯᠵᠢᠨ ᠺᠢᠯᠣᠮᠧᠲᠷ ᠪᠠᠢ᠌ᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠢᠶᠡᠨ ᠬᠣᠲᠠ ᠵᠢᠨ ᠳᠤᠮᠳᠠᠳᠤ ᠮᠣᠩᠭᠣᠯ᠎ᠤᠨ ᠬᠢᠯᠢ ᠵᠢᠨ ᠵᠠᠰᠠᠮᠠᠯ ᠵᠠᠮ᠎ᠤᠨ ᠪᠣᠭᠣᠮᠲᠠ ᠵᠢᠨ ᠪᠠᠷᠠᠭᠤᠨ ᠬᠣᠢ᠌ᠲᠤ ᠲᠠᠯ᠎ᠠ᠎ᠳᠤ ᠪᠠᠢ᠌ᠷᠢᠯᠠᠵᠤ ᠪᠤᠢ᠃ ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠣᠷᠣᠨ ᠪᠦᠰᠡ ᠵᠢ ᠵᠡᠭᠦᠨ᠂ ᠪᠠᠷᠠᠭᠤᠨ ᠬᠣᠶᠠᠷ ᠲᠣᠭᠤᠷᠢᠭ ᠬᠤᠪᠢᠶᠠᠵᠤ᠂ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠶᠣᠰᠣᠭ᠋ᠠᠷ ᠣᠷᠣᠨ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠬᠦ ᠵᠢᠨ ᠵᠡᠷᠭᠡ᠎ᠪᠠᠷ ᠣᠷᠣᠨ ᠪᠦᠰᠡ ᠵᠢᠨ ᠬᠣᠭᠣᠷᠣᠨᠳᠣ ᠲᠤᠰᠠᠭ᠋ᠠᠷᠯᠠᠬᠤ ᠲᠥᠭᠥᠭᠡᠷᠦᠮᠵᠢ ᠪᠠᠢ᠌ᠭᠤᠯᠤᠨ᠎ᠠ᠃ ᠡᠭᠦᠨ᠎ᠳᠤ ᠵᠡᠭᠦᠨ ᠣᠷᠣᠨ᠎ᠤ ᠲᠠᠯᠠᠪᠠᠢ᠎ᠨᠢ 4.31 ᠲᠡᠭᠰᠢ ᠳᠦᠷᠪᠡᠯᠵᠢᠨ ᠺᠢᠯᠣᠮᠧᠲᠷ᠂ ᠪᠠᠷᠠᠭᠤᠨ ᠣᠷᠣᠨ᠎ᠤ ᠲᠠᠯᠠᠪᠠᠢ᠎ᠨᠢ 4.72 ᠲᠡᠭᠰᠢ ᠳᠦᠷᠪᠡᠯᠵᠢᠨ ᠺᠢᠯᠣᠮᠧᠲᠷ ᠪᠣᠯᠣᠨ᠎ᠠ᠃ ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠣᠷᠣᠨ ᠪᠦᠰᠡ ᠵᠢᠨ ᠬᠡᠪᠴᠢᠶ᠎ᠡ ᠵᠢ ᠪᠤᠲᠠᠲᠠᠢ ᠵᠠᠭ᠋ᠠᠭ ᠴᠡᠭ᠎ᠤᠨ ᠪᠠᠢ᠌ᠷᠢᠰᠢᠯ ᠵᠶ᠋ᠠᠷ ᠡᠵᠡᠮᠳᠡᠵᠦ᠂ ᠵᠠᠭ᠋ᠠᠭ ᠴᠡᠭ᠎ᠤᠨ ᠪᠠᠢ᠌ᠷᠢᠰᠢᠯ᠎ᠢ ᠬᠤᠳᠠᠯᠳᠤᠭ᠋ᠠᠨ᠎ᠤ ᠶᠠᠪᠤᠳᠠᠯ᠎ᠤᠨ ᠶᠠᠮᠣᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠬᠠᠷᠢᠭᠤᠴᠠᠨ ᠨᠡᠢ᠌ᠲᠡᠯᠡᠨ᠎ᠡ᠃
      ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠣᠷᠣᠨ ᠪᠦᠰᠡ ᠵᠢᠨ ᠪᠦᠲᠦᠭᠡᠨ ᠪᠠᠢ᠌ᠭᠤᠯᠤᠯᠲᠠ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠶᠣᠰᠣᠭ᠋ᠠᠷ᠂ ᠲᠤᠰ ᠭᠠᠵᠠᠷ᠎ᠤᠨ ᠣᠨᠴᠠᠯᠢᠭᠲᠤ ᠳᠠᠪᠠᠭᠤᠯᠢᠭ᠎ᠲᠠᠭᠠᠨ ᠰᠠᠭᠤᠷᠢᠯᠠᠨ᠂ ᠤᠯᠠᠨ ᠤᠯᠤᠰ᠎ᠤᠨ ᠠᠷᠠᠯᠵᠢᠶ᠎ᠠ᠂ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠡᠳ᠋ᠰᠢᠭᠦᠯᠦᠨ ᠪᠣᠯᠪᠠᠰᠤᠷᠠᠭᠤᠯᠤᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠣᠯᠪᠣᠭᠳᠠᠯ ᠪᠦᠬᠦᠢ ᠢᠵᠢ ᠪᠦᠷᠢᠳᠦᠭᠰᠡᠨ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠬᠥᠭᠵᠢᠭᠦᠯᠵᠦ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠳᠠᠭ᠋ᠠᠤ ᠭᠠᠵᠠᠷ ᠣᠷᠣᠨ᠎ᠤ ᠥᠨᠳᠥᠷ ᠲᠦᠪᠰᠢᠨ ᠪᠦᠬᠦᠢ ᠨᠡᠭᠡᠭᠡᠯᠲᠡᠲᠤ ᠲᠠᠪᠴᠠᠩ᠂ 《ᠨᠢᠭᠡ ᠪᠦᠰᠡ ᠨᠢᠭᠡ ᠵᠠᠮ》᠎ᠤᠨ ᠳᠤᠮᠳᠠᠳᠤ ᠮᠣᠩᠭᠣᠯ ᠤᠷᠤᠰ᠎ᠤᠨ ᠠᠵᠤ ᠠᠬᠤᠢ ᠵᠢᠨ ᠬᠣᠩᠭᠢᠯ᠎ᠤᠨ ᠴᠢᠬᠤᠯᠠ ᠵᠠᠩᠭᠢᠯᠠᠭ᠎ᠠ ᠵᠢᠨ ᠴᠡᠭ᠂ ᠳᠤᠮᠳᠠᠳᠤ ᠮᠣᠩᠭᠣᠯ᠎ᠤᠨ ᠨᠥᠭᠦᠷᠰᠡᠭ ᠬᠠᠮᠲᠤᠷᠠᠯᠴᠠᠭ᠎ᠠ ᠵᠢᠨ ᠬᠡᠪ ᠳᠠᠭᠤᠷᠢᠶᠠᠯ᠎ᠢ ᠡᠭᠦᠳᠴᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠳᠤ ᠦᠢ᠍ᠯᠡᠴᠢᠯᠡᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃
      ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠣᠷᠣᠨ ᠪᠦᠰᠡ᠎ᠳᠤ   ᠬᠦᠷᠢᠶ᠎ᠡ ᠲᠣᠣᠷ ᠪᠠ ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠤᠯᠲᠠ᠎ᠪᠠᠷ ᠳᠠᠮᠵᠢᠭᠤᠯᠤᠨ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠤᠨ᠎ᠠ᠃ ᠳᠤᠮᠳᠠᠳᠤ ᠮᠣᠩᠭᠣᠯ᠎ᠤᠨ ᠵᠠᠰᠠᠭ᠎ᠤᠨ ᠣᠷᠳᠣᠨ᠎ᠤ ᠬᠣᠭᠣᠷᠣᠨᠳᠣᠭᠢ ᠬᠡᠯᠡᠯᠴᠡᠭᠡᠷ᠎ᠤᠨ ᠪᠣᠯᠵᠣᠭ᠎ᠠ ᠶᠣᠰᠣᠭ᠋ᠠᠷ᠂ ᠮᠣᠩᠭᠣᠯ᠎ᠤᠨ ᠲᠠᠯ᠎ᠠ᠎ᠲᠠᠢ ᠬᠠᠮᠲᠤᠷᠠᠨ ᠬᠣᠶᠠᠷ ᠲᠠᠯ᠎ᠠ ᠵᠢᠨ ᠣᠷᠣᠨ ᠪᠦᠰᠡ ᠵᠢᠨ ᠬᠣᠭᠣᠷᠣᠨᠳᠣᠭᠢ ᠬᠢᠯᠢ ᠠᠯᠤᠰᠯᠠᠭᠰᠠᠨ ᠲᠥᠬᠦᠭᠡᠷᠦᠮᠵᠢ ᠵᠢ ᠪᠠᠢ᠌ᠭᠤᠯᠵᠤ᠂ ᠬᠢᠯᠢ ᠵᠢᠨ ᠬᠠᠮᠠᠭ᠋ᠠᠯᠠᠯᠲᠠ᠂ ᠪᠣᠭᠣᠮᠲᠠ ᠵᠢᠨ ᠪᠠᠢ᠌ᠴᠠᠭ᠋ᠠᠯᠲᠠ ᠵᠢᠴᠢ ᠬᠣᠯᠪᠣᠭᠳᠠᠯ ᠪᠦᠬᠦᠢ ᠪᠠᠢ᠌ᠴᠠᠭ᠋ᠠᠨ ᠰᠢᠯᠭ᠋ᠠᠬᠤ᠂ ᠰᠢᠯᠭ᠋ᠠᠨ ᠪᠠᠢ᠌ᠴᠠᠭ᠋ᠠᠬᠤ ᠬᠢᠵᠢᠭ ᠪᠠᠢ᠌ᠴᠠᠭ᠋ᠠᠬᠤ᠂ ᠠᠮᠤᠷ ᠲᠦᠪᠰᠢᠨ᠎ᠤ ᠪᠠᠢ᠌ᠴᠠᠭ᠋ᠠᠯᠲᠠ ᠵᠡᠷᠭᠡ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠮᠣᠩᠭᠣᠯ᠎ᠤᠨ ᠲᠠᠯ᠎ᠠ ᠵᠢᠨ ᠣᠷᠣᠨ ᠪᠦᠰᠡ ᠵᠢᠨ ᠠᠵᠢᠯᠲᠠᠨ᠂ ᠡᠳ᠋ ᠪᠠᠷᠠᠭ᠎ᠠ ᠵᠢᠨ ᠳᠥᠭᠦᠮ ᠳᠥᠲᠡ ᠨᠡᠪᠲᠡᠷᠡᠬᠦ ᠵᠢ ᠡᠮᠬᠢ ᠵᠢᠷᠤᠮ᠎ᠲᠠᠢ ᠠᠬᠢᠭᠤᠯᠤᠨ᠎ᠠ᠃
      ᠴᠣᠬᠣᠯᠠᠪᠤᠷᠢ᠎ᠳᠤ᠂ ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠵᠢᠨ ᠲᠠᠯ᠎ᠠ ᠵᠢᠨ ᠣᠷᠣᠨ ᠪᠦᠰᠡ᠎ᠳᠤ ᠬᠣᠯᠪᠣᠭᠳᠠᠯ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠢ ᠵᠥᠪᠰᠢᠶᠡᠷᠡᠪᠡ᠃ ᠣᠯᠠᠨ ᠤᠯᠤᠰ᠎ᠤᠨ ᠡᠮᠴᠢᠯᠡᠭᠡᠨ᠎ᠤ ᠤᠷᠢᠳ ᠵᠶ᠋ᠡᠷ ᠬᠡᠷᠡᠭᠵᠢᠭᠦᠯᠬᠦ ᠣᠷᠣᠨ ᠪᠠᠢ᠌ᠭᠤᠯᠬᠤ ᠵᠢ ᠳᠡᠮᠵᠢᠵᠦ᠂ ᠡᠮᠴᠢᠯᠡᠭᠡᠨ᠎ᠤ ᠰᠢᠨ᠎ᠡ ᠮᠡᠷᠭᠡᠵᠢᠯ᠂ ᠰᠢᠨ᠎ᠡ ᠡᠮ᠎ᠤᠨ ᠵᠦᠢ᠍ᠯ᠎ᠢ ᠰᠤᠳᠤᠯᠤᠨ ᠨᠡᠭᠡᠭᠡᠵᠦ ᠬᠡᠷᠡᠭᠯᠡᠬᠦ ᠵᠢ ᠵᠣᠷᠢᠭᠵᠢᠭᠤᠯᠤᠨ᠎ᠠ᠃ ᠬᠠᠮᠲᠤᠷᠠᠯᠴᠠᠭ᠋ᠠᠨ᠎ᠤ ᠣᠷᠣᠨ᠎ᠤ ᠬᠢᠯᠢ ᠠᠯᠤᠰᠯᠠᠭᠰᠠᠨ ᠲᠡᠮᠦᠷ ᠵᠠᠮ᠎ᠤᠨ ᠲᠤᠰᠬᠠᠢ ᠬᠡᠷᠡᠭᠯᠡᠭᠡᠨ᠎ᠤ ᠱᠤᠭᠤᠮ᠎ᠢ ᠰᠤᠳᠤᠯᠤᠨ ᠲᠥᠯᠥᠪᠵᠢᠭᠦᠯᠵᠦ ᠪᠦᠲᠦᠭᠡᠨ ᠪᠠᠢ᠌ᠭᠤᠯᠬᠤ ᠵᠢ ᠳᠡᠮᠵᠢᠨ᠎ᠡ᠃ ᠤᠯᠠᠨ ᠤᠯᠤᠰ᠎ᠤᠨ ᠰᠣᠶᠣᠯ ᠤᠷᠠᠯᠢᠭ᠎ᠤᠨ ᠪᠦᠲᠦᠭᠡᠯ᠎ᠢ ᠳᠡᠯᠭᠡᠨ ᠦᠵᠡᠭᠦᠯᠭᠦ᠂ ᠦᠨ᠎ᠡ ᠬᠠᠶᠠᠨ ᠬᠤᠳᠠᠯᠳᠤᠬᠤ᠂ ᠠᠷᠠᠯᠵᠢᠶᠠᠯᠠᠬᠤ ᠲᠤᠬᠠᠢ᠌ᠯᠠᠭᠰᠠᠨ ᠠᠵᠢᠯ ᠥᠷᠨᠢᠭᠦᠯᠬᠦ ᠵᠢ ᠵᠥᠪᠰᠢᠶᠡᠷᠡᠨ᠎ᠡ᠃ ᠣᠷᠣᠨ ᠨᠤᠲᠤᠭ᠎ᠤᠨ᠎ᠬᠢᠨ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠬᠥᠭᠵᠢᠯᠲᠡ ᠵᠢᠨ ᠲᠤᠰᠬᠠᠢ ᠪᠡᠯᠡ ᠮᠥᠩᠭᠥ ᠵᠡᠷᠭᠡ ᠣᠲᠣ ᠵᠢᠨ ᠪᠠᠢ᠌ᠭ᠎ᠠ ᠪᠡᠯᠡ ᠮᠥᠩᠭᠥ ᠵᠢᠨ ᠠᠷᠭ᠎ᠠ ᠵᠠᠮ ᠵᠶ᠋ᠠᠷ ᠳᠠᠮᠵᠢᠭᠤᠯᠤᠨ᠂ ᠬᠠᠮᠲᠤᠷᠠᠯᠴᠠᠭ᠋ᠠᠨ᠎ᠤ ᠣᠷᠣᠨ᠎ᠤ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠳᠡᠮᠵᠢᠨ᠎ᠠ᠃ ᠢᠵᠢ ᠪᠦᠷᠢᠳᠦᠭᠦᠯᠬᠦ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠢ ᠳᠡᠮᠵᠢᠵᠦ᠂ ᠳᠤᠮᠳᠠᠳᠤ ᠵᠢᠨ ᠪᠡᠯᠡ ᠵᠢᠨ ᠪᠠ ᠭᠠᠳᠠᠭ᠋ᠠᠳᠤ ᠪᠡᠯᠡ ᠵᠢᠨ ᠪᠠᠩᠬᠢ ᠵᠢᠨ ᠪᠠᠢ᠌ᠭᠤᠯᠤᠮᠵᠢ ᠵᠢᠨ ᠣᠷᠣᠵᠤ ᠰᠠᠭᠤᠬᠤ ᠵᠢ ᠵᠣᠷᠢᠭᠵᠢᠭᠤᠯᠤᠨ᠂ ᠠᠷᠠᠳ᠎ᠤᠨ ᠬᠥᠷᠥᠩᠭᠡ ᠵᠢᠨ ᠣᠷᠣᠨ᠎ᠤ ᠳᠣᠲᠣᠷᠠᠬᠢ ᠮᠥᠩᠭᠥᠨ ᠭᠦᠢ᠍ᠯᠭᠡᠭᠡᠨ᠎ᠤ ᠦᠢ᠍ᠯᠡᠰ᠎ᠲᠤ ᠣᠷᠣᠬᠤ ᠵᠢ ᠳᠡᠮᠵᠢᠵᠦ᠂ ᠬᠢᠯᠢ ᠠᠯᠤᠰᠯᠠᠨ ᠪᠡᠯᠡ ᠣᠷᠣᠭᠤᠯᠵᠤ ᠪᠡᠯᠡ ᠴᠤᠭᠯᠠᠭᠤᠯᠬᠤ ᠲᠤᠬᠠᠢ᠌ᠯᠠᠭᠰᠠᠨ ᠠᠵᠢᠯ ᠪᠠ ᠬᠤᠪᠢ ᠬᠥᠮᠥᠨ᠎ᠤ ᠥᠪᠡᠷ᠎ᠤᠨ ᠪᠠ ᠭᠠᠳᠠᠭ᠋ᠠᠳᠤ ᠵᠢᠨ ᠵᠣᠭᠣᠰ᠎ᠢ ᠰᠣᠯᠢᠬᠤ ᠲᠤᠬᠠᠢ᠌ᠯᠠᠭᠰᠠᠨ ᠠᠵᠢᠯ᠎ᠢ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠢ᠌ᠴᠡᠭᠦᠯᠦᠨ ᠥᠷᠨᠢᠭᠦᠯᠬᠦ ᠵᠢ ᠳᠡᠮᠵᠢᠵᠦ᠂ ᠠᠷᠠᠳ᠎ᠤᠨ ᠵᠣᠭᠣᠰ᠎ᠤᠨ ᠬᠢᠯᠢ ᠠᠯᠤᠰᠯᠠᠨ ᠬᠡᠷᠡᠭᠯᠡᠬᠦ ᠵᠢ ᠥᠷᠭᠡᠳᠬᠡᠨ᠎ᠡ᠃ ᠬᠢᠯᠢ ᠵᠢᠨ ᠭᠠᠳᠠᠨᠠᠬᠢ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠭᠤᠯᠤᠨ ᠠᠪᠴᠢᠷᠠᠬᠤ ᠵᠢ ᠵᠥᠪᠰᠢᠶᠡᠷᠡᠵᠦ᠂ ᠥᠨᠳᠥᠷ ᠲᠦᠪᠰᠢᠨ ᠪᠦᠬᠦᠢ ᠤᠯᠠᠨ ᠤᠯᠤᠰ᠎ᠤᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠦᠨ᠎ᠡ᠃ ᠦᠨᠡᠨ ᠬᠦ᠌ ᠬᠡᠷᠡᠭᠴᠡᠭᠡ ᠱᠠᠭ᠋ᠠᠷᠳᠠᠯᠭ᠎ᠠ᠎ᠲᠠᠢ ᠦᠶ᠎ᠡ᠎ᠳᠤ ᠲᠠᠰ ᠳᠠᠷᠠᠭ᠋ᠠᠯᠠᠯ ᠶᠣᠰᠣᠭ᠋ᠠᠷ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ ᠪᠠᠢ᠌ᠭᠤᠯᠬᠤ ᠵᠢ ᠳᠡᠮᠵᠢᠨ᠎ᠡ ᠭᠡᠵᠦ ᠳᠤᠷᠠᠳᠪᠠ᠃


 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠥᠯᠥᠨ ᠪᠣᠢ᠌ᠷ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠪᠠ
ᠪᠣᠣ ᠰᠢᠶᠠᠨ ᠬᠤᠸᠠ ᠬᠥᠬᠡᠬᠣᠲᠠ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠰᠤᠷᠤᠯᠴᠠᠵᠦ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠭᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
 
            