3 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠠᠵᠢᠯ ᠡᠬᠢᠯᠡᠭᠦᠯᠦᠭᠰᠡᠨ ᠪᠠᠢ᠌ᠳᠠᠯ ᠵᠢᠴᠢ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠲᠠᠪᠤᠨ ᠶᠡᠬᠡ ᠡᠭᠦᠷᠭᠡ》 ᠵᠢ ᠬᠡᠷᠡᠭᠵᠢᠭᠦᠯᠬᠦ ᠲᠥᠰᠥᠯ (ᠵᠠᠰᠠᠪᠤᠷᠢ ᠣᠷᠣᠭᠤᠯᠤᠭᠰᠠᠨ ᠨᠣᠣᠷᠠᠭ) ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠪᠣᠳᠠᠲᠠᠢ᠎ᠲᠠᠢ ᠤᠶᠠᠯᠳᠤᠭᠤᠯᠤᠨ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃ ᠪᠣᠬᠢᠷᠳᠤᠯ ᠦᠭᠡᠢ ᠴᠠᠭᠢᠯᠭ᠋ᠠᠨ᠂ ᠭᠠᠵᠠᠷ ᠰᠢᠷᠣᠢ ᠵᠡᠷᠭᠡ ᠵᠢᠨ ᠳᠠᠪᠠᠭᠤᠯᠢᠭ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠳᠠᠢ᠌ᠴᠢᠯᠠᠬᠤ ᠵᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠬᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ ᠵᠢ ᠲᠦᠷᠭᠡᠳᠬᠡᠬᠦ ᠬᠡᠷᠡᠭᠲᠡᠢ᠃ ᠳᠤᠮᠳᠠ ᠬᠡᠰᠡᠭ᠎ᠤᠨ ᠮᠤᠵᠢ ᠣᠷᠣᠨ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ᠎ᠯᠤᠭ᠎ᠠ ᠵᠢᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠨᠠᠩ ᠰᠠᠢ᠌ᠨ ᠠᠭᠤᠰᠤᠯᠴᠠᠨ ᠦᠢ᠍ᠯᠡᠴᠢᠯᠡᠬᠦ ᠬᠡᠷᠡᠭᠲᠡᠢ᠃ ᠨᠠᠷᠢᠯᠢᠭ ᠲᠠᠷᠢᠵᠤ ᠨᠢᠮᠪᠠᠢ ᠠᠷᠠᠴᠢᠯᠠᠨ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠪᠠ ᠶᠠᠰᠤ ᠴᠢᠨᠠᠷ᠎ᠢ ᠳᠡᠭᠡᠭᠰᠢᠯᠡᠭᠦᠯᠵᠦ᠂ ᠤᠯᠠᠮᠵᠢᠯᠠᠯᠲᠤ ᠡᠨᠧᠷᠭᠢ ᠪᠠ ᠰᠢᠨ᠎ᠡ ᠡᠨᠧᠷᠭᠢ ᠵᠢ ᠬᠠᠮᠵᠢᠯᠴᠠᠭᠤᠯᠤᠨ ᠥᠨᠳᠥᠷ ᠪᠦᠲᠦᠮᠵᠢᠲᠡᠶ᠎ᠪᠠᠷ ᠨᠡᠭᠡᠭᠡᠨ ᠠᠰᠢᠭᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠲᠡᠭᠡᠭᠰᠢᠯᠡᠭᠦᠯᠭᠦ ᠬᠡᠷᠡᠭᠲᠡᠢ᠃ ᠶᠣᠰᠣ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠰᠠᠢ᠌ᠲᠤᠷ ᠡᠷᠭᠢᠯᠡᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠢ᠌ᠲᠤᠷ ᠡᠷᠭᠢᠯᠡᠭᠦ ᠬᠡᠷᠡᠭᠲᠡᠢ᠃ 《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ᠎ᠲᠠᠢ ᠤᠶᠠᠯᠳᠤᠭᠤᠯᠤᠨ᠂ ᠵᠢᠭᠤᠯᠴᠢᠯᠠᠯ᠎ᠤᠨ ᠡᠬᠢ ᠪᠠᠶᠠᠯᠢᠭ ᠪᠠ ᠦᠢ᠍ᠯᠡᠳᠬᠦᠨ᠎ᠢ ᠥᠨᠳᠥᠷ ᠲᠦᠪᠰᠢᠨ ᠵᠶ᠋ᠡᠷ ᠨᠡᠭᠡᠭᠡᠨ ᠬᠥᠭᠵᠢᠭᠦᠯᠵᠦ ᠡᠵᠡᠩᠨᠡᠬᠦ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠺᠠᠳ᠋ᠷᠴᠤᠳ᠎ᠢ ᠨᠡᠩ ᠤᠯᠠᠨ ᠤᠶᠤᠨ ᠴᠢᠳᠠᠯ ᠵᠶ᠋ᠠᠨ ᠰᠢᠪᠬᠠᠨ ᠠᠵᠢᠯ ᠶᠠᠪᠤᠳᠠᠯ ᠪᠦᠲᠦᠭᠡᠵᠦ᠂ ᠤᠯᠠᠨ ᠲᠦᠮᠡᠨ᠎ᠳᠤ ᠦᠢ᠍ᠯᠡᠴᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 《ᠦᠨᠡᠨ》 ᠰᠡᠳᠬᠦᠯ᠎ᠤᠨ 2024 ᠣᠨ᠎ᠤ 6 ᠳ᠋ᠤᠭ᠋ᠠᠷ ᠬᠤᠭᠤᠴᠠᠭ᠎ᠠ᠎ᠳᠤ ᠨᠡᠢ᠌ᠲᠡᠯᠡᠭᠳᠡᠭᠰᠡᠨ ᠶᠡᠷᠦᠩᠬᠡᠢ ᠱᠦᠵᠢ ᠰᠢ ᠵᠢᠨ ᠫᠢᠩ᠎ᠤᠨ 《ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠪᠥᠭᠡᠳ ᠬᠠᠳᠠᠨ ᠪᠠᠲᠤ ᠴᠢᠨᠠᠷ᠎ᠢ ᠴᠠᠭ ᠢᠮᠠᠭᠲᠠ ᠪᠠᠲᠤᠯᠠᠵᠤ ᠨᠠᠮ᠎ᠤᠨ ᠠᠭᠤᠤ ᠶᠡᠬᠡ ᠥᠪᠡᠷ ᠪᠡᠶ᠎ᠡ ᠵᠢᠨ ᠬᠤᠪᠢᠰᠬᠠᠯ᠎ᠢ ᠡᠴᠦᠰ᠎ᠲᠤᠨᠢ ᠲᠤᠯᠲᠠᠯ᠎ᠠ ᠬᠢᠬᠦ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠡᠭᠦᠷᠢᠳᠡ ᠵᠣᠭᠰᠣᠰᠢ ᠦᠭᠡᠢ ᠰᠡᠷᠭᠡᠭ ᠪᠥᠭᠡᠳ ᠬᠠᠳᠠᠨ ᠪᠠᠲᠤ ᠴᠢᠨᠠᠷ᠎ᠢ ᠪᠠᠲᠤᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠴᠢᠩᠭ᠎ᠠ ᠬᠠᠮᠢᠶᠠᠷᠬᠤ ᠪᠠ ᠬᠠᠢ᠌ᠷᠠᠯᠠᠨ ᠬᠠᠯᠠᠮᠵᠢᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠢ ᠴᠢᠩᠭ᠎ᠠ ᠬᠠᠮᠢᠶᠠᠷᠴᠤ ᠨᠠᠮ᠎ᠢ ᠴᠢᠩᠭ᠎ᠠ ᠵᠠᠰᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ ᠴᠢᠩᠭ᠎ᠠ ᠠᠳᠬᠤᠵᠤ᠂ ᠢᠳᠡᠪᠬᠢᠲᠡᠢ ᠪᠥᠭᠡᠳ ᠡᠷᠡᠭᠦᠯ᠂ ᠠᠵᠢᠯ ᠬᠢᠵᠦ ᠦᠢ᠍ᠯᠡᠰ ᠪᠣᠰᠬᠠᠬᠤ ᠤᠯᠤᠰ ᠲᠦᠷᠦ ᠵᠢᠨ ᠠᠮᠢ ᠠᠬᠤᠢ ᠪᠠ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠣᠳᠣᠬᠠᠨ᠎ᠳᠤ ᠮᠠᠨ᠎ᠤ ᠣᠷᠣᠨ᠎ᠤ ᠬᠥᠭᠵᠢᠯᠲᠡ ᠵᠢᠨ ᠬᠠᠨᠳᠤᠰᠢ ᠮᠠᠰᠢ ᠰᠠᠢ᠌ᠨ ᠪᠠᠢ᠌ᠨ᠎ᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠢᠭᠡ ᠯᠡ ᠠᠮᠢᠰᠬᠤᠭ᠎ᠠ᠎ᠪᠠᠷ 《ᠲᠠᠪᠤᠨ ᠶᠡᠬᠡ ᠡᠭᠦᠷᠭᠡ》 ᠵᠢ ᠠᠬᠢᠭᠤᠯᠵᠤ᠂ ᠠᠵᠢᠯ᠎ᠤᠨ ᠦᠷ᠎ᠡ ᠪᠦᠲᠦᠭᠡᠯ ᠵᠶ᠋ᠡᠨ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠲᠠᠩᠰᠠ᠎ᠲᠠᠢ ᠬᠠᠷᠭᠤᠭᠤᠯᠵᠤ᠂ ᠪᠣᠳᠠᠲᠠᠢ ᠲᠥᠷᠥᠯ ᠵᠦᠢ᠍ᠯ ᠪᠠ ᠬᠢᠬᠦ ᠴᠢᠬᠤᠯᠠᠲᠠᠢ ᠤᠴᠢᠷ ᠶᠠᠪᠤᠳᠠᠯ᠎ᠢ ᠨᠠᠷᠢᠯᠢᠭᠵᠢᠭᠤᠯᠵᠤ᠂ ᠬᠤᠷᠳᠤᠴᠠ ᠵᠢ ᠲᠦᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠪᠠᠷᠢᠯᠭ᠎ᠠ ᠵᠢ ᠠᠳᠬᠤᠵᠤ᠂ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠨᠢᠭᠡ ᠵᠢ ᠬᠢᠪᠡᠯ ᠨᠢᠭᠡ ᠵᠢ ᠪᠡᠶᠡᠯᠡᠭᠦᠯᠬᠦ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠲᠥᠬᠥᠷ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠬᠦᠴᠦᠲᠡᠢ ᠠᠳᠬᠤᠵᠤ᠂ 《ᠲᠠᠪᠤᠨ ᠶᠡᠬᠡ ᠡᠭᠦᠷᠭᠡ》 ᠵᠢ ᠭᠦᠨᠵᠡᠭᠡᠢ ᠨᠠᠢ᠌ᠳᠠᠪᠤᠷᠢᠵᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠨᠢᠭᠡᠨᠲᠡ ᠪᠦᠭᠦ ᠲᠠᠯ᠎ᠠ᠎ᠪᠠᠷ ᠡᠬᠢᠯᠡᠭᠦᠯᠪᠡ᠂ ᠡᠯ᠎ᠡ ᠱᠠᠲᠤᠨ᠎ᠤ᠎ᠬᠢᠨ ᠠᠵᠢᠯ ᠵᠶ᠋ᠠᠨ ᠡᠬᠢᠯᠡᠭᠦᠯᠬᠦ᠎ᠨᠢ ᠳᠠᠷᠤᠢ ᠰᠢᠢ᠍ᠳᠪᠦᠷᠢᠲᠦ ᠳᠠᠢ᠌ᠯᠠᠯᠳᠤᠭ᠋ᠠᠨ᠎ᠳᠤ ᠤᠷᠤᠯᠴᠠᠵᠤ ᠪᠠᠢ᠌ᠭ᠎ᠠ ᠶᠠᠪᠤᠳᠠᠯ ᠮᠥᠨ ᠭᠡᠬᠦ ᠰᠥᠰᠥ ᠵᠣᠷᠢᠭ ᠵᠶ᠋ᠠᠷ᠂ ᠡᠨᠡ ᠬᠦ᠌ ᠤᠳᠤ ᠦᠶ᠎ᠡ᠎ᠳᠤ ᠭᠠᠪᠢᠶ᠎ᠠ ᠪᠠᠢ᠌ᠭᠤᠯᠵᠤ ᠮᠢᠩᠭ᠋ᠠᠨ ᠣᠨ᠎ᠳᠤ ᠠᠰᠢᠭ ᠬᠦᠷᠲᠡᠭᠡᠬᠦ᠂ ᠨᠢᠭᠡ ᠯᠡ ᠳᠡᠭᠡᠷ᠎ᠡ ᠤᠯᠠᠨ᠎ᠢ ᠪᠦᠲᠦᠭᠡᠬᠦ ᠢᠨᠵᠧᠨᠧᠷᠢᠩ᠎ᠢ ᠱᠠᠯᠠᠪᠳᠠᠨ ᠰᠠᠢ᠌ᠲᠤᠷ ᠬᠡᠷᠡᠭᠵᠢᠭᠦᠯᠵᠦ᠂ ᠡᠨᠡ ᠵᠢᠯ᠎ᠤᠨ ᠡᠯᠡᠰᠦ ᠵᠢ ᠵᠠᠰᠠᠬᠤ ᠡᠭᠦᠷᠭᠡ ᠵᠢ ᠡᠷᠬᠡᠪᠰᠢ ᠳᠠᠪᠠᠭᠤᠯᠤᠨ ᠪᠡᠶᠡᠯᠡᠭᠦᠯᠬᠦ ᠬᠡᠷᠡᠭᠲᠡᠢ᠃ ᠨᠢᠭᠡ᠎ᠳᠤ᠂ ᠵᠣᠭᠣᠰᠤᠨ᠎ᠤ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠤᠯᠤᠰ᠎ᠤᠨ ᠪᠡᠯᠡ ᠮᠥᠩᠭᠥ ᠵᠢᠨ ᠳᠡᠮᠵᠢᠯᠭᠡ ᠵᠢ ᠢᠳᠡᠪᠬᠢᠯᠡᠨ ᠣᠯᠵᠤ᠂ ᠪᠡᠯᠡ ᠮᠥᠩᠭᠥ ᠬᠤᠷᠠᠮᠳᠤᠭᠤᠯᠬᠤ ᠠᠷᠭ᠎ᠠ ᠭᠡᠯᠪᠡᠷᠢ᠎ᠪᠠᠨ ᠰᠢᠨᠡᠴᠢᠯᠡᠵᠦ ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ ᠵᠢ ᠲᠠᠲᠠᠵᠤ᠂ ᠡᠯ᠎ᠡ ᠲᠦᠷᠦᠯ᠎ᠤᠨ ᠱᠠᠩᠨᠠᠯ ᠨᠥᠬᠥᠪᠦᠷᠢ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠡᠷᠡᠭᠯᠡᠵᠦ᠂ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ᠎ᠢ ᠰᠠᠢ᠌ᠲᠤᠷ ᠬᠡᠷᠡᠭᠯᠡᠵᠦ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠪᠠᠭᠤᠷᠠᠭᠤᠯᠵᠤ᠂ ᠤᠷᠤᠯᠭ᠎ᠠ᠎ᠪᠠᠨ ᠨᠡᠮᠡᠭᠳᠡᠭᠦᠯᠵᠦ ᠵᠠᠷᠤᠯᠭ᠎ᠠ᠎ᠪᠠᠨ ᠠᠷᠪᠢᠯᠠᠬᠤ ᠬᠣᠶᠠᠷ ᠠᠵᠢᠯ᠎ᠢ ᠰᠠᠢ᠌ᠲᠤᠷ ᠬᠢᠬᠦ ᠬᠡᠷᠡᠭᠲᠡᠢ᠃ ᠬᠣᠶᠠᠷ᠎ᠲᠤ᠂ ᠦᠷ᠎ᠡ ᠪᠦᠲᠦᠮᠵᠢ ᠵᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠴᠢᠬᠢ ᠮᠣᠳᠣᠨ᠎ᠤ ᠪᠠᠲᠤᠯᠠᠭ᠎ᠠ ᠵᠢ ᠴᠢᠩᠭ᠋ᠠᠳᠬᠠᠵᠤ᠂ ᠮᠠᠰᠢᠨ ᠲᠥᠬᠦᠭᠡᠷᠦᠮᠵᠢ ᠵᠢᠨ ᠬᠡᠷᠡᠭᠯᠡᠯᠲᠡ ᠵᠢ ᠥᠷᠭᠡᠳᠬᠡᠨ᠂ ᠡᠯᠡᠰᠦ ᠵᠢ ᠵᠠᠰᠠᠬᠤ ᠠᠬᠢᠴᠠ ᠵᠢ ᠲᠦᠷᠭᠡᠳᠬᠡᠬᠦ ᠬᠡᠷᠡᠭᠲᠡᠢ᠃ ᠭᠤᠷᠪᠠ᠎ᠳᠤ᠂ ᠲᠣᠭᠲᠠᠴᠠ ᠵᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠭᠣᠣᠯᠳᠠᠭᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ᠂ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠵᠤ᠂ ᠮᠠᠯᠴᠢᠨ ᠲᠠᠷᠢᠶᠠᠴᠢᠨ ᠪᠣᠯᠣᠨ ᠠᠵᠤ ᠠᠬᠤᠢ᠌ᠯᠠᠯ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠎ᠳᠤ ᠣᠷᠤᠯᠴᠠᠬᠤ ᠢᠳᠡᠪᠬᠢᠵᠢᠯ᠎ᠢ ᠰᠠᠢ᠌ᠲᠤᠷ ᠳᠠᠢ᠌ᠴᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠥᠮᠥᠨ᠎ᠤ ᠰᠡᠷᠭᠡᠢ᠌ᠯᠡᠯᠲᠡ᠂ ᠪᠣᠳᠠᠰ᠎ᠤᠨ ᠰᠡᠷᠭᠡᠢ᠌ᠯᠡᠯᠲᠡ ᠪᠣᠯᠣᠨ ᠮᠡᠷᠭᠡᠵᠢᠯ᠎ᠤᠨ ᠰᠡᠷᠭᠡᠢ᠌ᠯᠡᠯᠲᠡ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠤᠬᠠᠭᠤᠯᠭ᠎ᠠ ᠰᠡᠷᠡᠮᠵᠢᠯᠡᠭᠦᠯᠦᠯ᠎ᠤᠨ ᠬᠥᠮᠦᠵᠢᠯ᠎ᠢ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭ᠋ᠠᠳᠯᠠᠬᠤ ᠪᠠ ᠲᠤᠰᠬᠠᠢ ᠮᠡᠷᠭᠡᠵᠢᠯ᠎ᠤᠨ ᠰᠣᠷᠢᠯᠲᠠ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠪᠣᠯᠣᠨ ᠡᠳ᠋ ᠪᠣᠳᠠᠰ᠎ᠤᠨ ᠨᠥᠭᠡᠴᠡ ᠵᠢ ᠰᠠᠢ᠌ᠲᠤᠷ ᠬᠢᠵᠦ᠂ ᠬᠦᠨᠳᠦ ᠣᠨᠴᠠ ᠶᠡᠬᠡ ᠲᠦᠢ᠍ᠮᠡᠷ ᠪᠣᠯᠣᠨ ᠬᠥᠮᠥᠨ ᠬᠠᠷ᠎ᠠ ᠡᠨᠳᠡᠵᠦ ᠰᠢᠷᠬᠠᠲᠤᠬᠤ ᠡᠨᠳᠡᠯ ᠭᠠᠷᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃