ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-03-01

 
    2 ᠰᠠᠷ᠎ᠠ ᠵᠢᠨ 29᠎ᠤ ᠡᠳᠦᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠯᠢᠦ ᠱᠤᠸᠠᠩ ᠬᠤᠷᠠᠯ᠎ᠳᠤ ᠣᠷᠣᠯᠴᠠᠭᠰᠠᠨ ᠪᠥᠭᠡᠳ ᠳᠠᠢ᠌ᠴᠢᠯᠠᠯᠲᠠ ᠵᠢᠨ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ ᠯᠢ ᠢᠦᠢ ᠭᠠᠩ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠢᠨ ᠡᠷᠬᠡ ᠣᠯᠭᠣᠵᠤ ᠲᠤᠰᠢᠶᠠᠯ᠎ᠳᠤ ᠲᠣᠮᠢᠯᠠᠬᠤ ᠪᠠ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠣᠭᠲᠠᠭ᠋ᠠᠯ᠎ᠢ ᠨᠡᠢ᠌ᠲᠡᠯᠡᠪᠡ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠲᠥᠷᠥ ᠵᠢᠨ ᠲᠣᠭᠣᠷᠢᠨ ᠪᠠᠢ᠌ᠴᠠᠭ᠋ᠠᠯᠲᠠ ᠵᠢᠨ ᠪᠠᠢ᠌ᠷᠢ ᠲᠣᠭᠲᠠᠭ᠋ᠠᠯᠲᠠ ᠵᠢ ᠣᠨᠣᠪᠴᠢᠲᠠᠢ ᠡᠵᠡᠮᠳᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠤᠨ ᠬᠢᠨᠠᠯᠲᠠ ᠲᠠᠯᠪᠢᠵᠤ᠂ ᠲᠣᠭᠣᠷᠢᠨ ᠪᠠᠢ᠌ᠴᠠᠭ᠋ᠠᠭᠳᠠᠬᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷ᠎ᠢ ᠱᠠᠯᠠᠪᠳᠠᠭᠤᠯᠤᠨ ᠱᠠᠭ᠋ᠠᠷᠳᠠᠵᠤ ᠪᠠᠢ᠌ᠭ᠋ᠠᠳ ᠴᠢᠩᠭ᠎ᠠ ᠠᠳᠬᠤᠵᠤ ᠲᠦᠷᠭᠡᠨ ᠠᠵᠢᠯᠯᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ᠎ᠢ ᠨᠡᠭᠡᠭᠡᠨ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠣᠭᠣᠷᠢᠨ ᠪᠠᠢ᠌ᠴᠠᠭ᠋ᠠᠬᠤ ᠲᠤᠰᠢᠶᠠᠯ ᠬᠠᠷᠢᠭᠤᠴᠠᠯᠭ᠎ᠠ ᠵᠢᠨ ᠵᠠᠭ᠋ᠠᠭ ᠱᠤᠭᠤᠮ᠎ᠢ ᠴᠢᠩᠭ᠎ᠠ ᠰᠠᠬᠢᠵᠤ᠂ ᠲᠣᠭᠣᠷᠢᠨ ᠪᠠᠢ᠌ᠴᠠᠭ᠋ᠠᠭᠳᠠᠬᠤ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠴᠢᠩᠭ᠎ᠠ ᠲᠦᠰᠢᠭᠯᠡᠨ ᠠᠵᠢᠯ ᠵᠶ᠋ᠠᠨ ᠥᠷᠨᠢᠭᠦᠯᠵᠦ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠵᠤ᠂ ᠠᠳᠠᠯᠢ ᠴᠢᠭᠯᠡᠯ ᠵᠶ᠋ᠡᠷ ᠬᠦᠴᠦᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠡᠲᠡᠭᠡᠳ᠎ᠢ ᠨᠡᠢ᠌ᠲᠡᠯᠡᠪᠡ
ᠰᠦᠨ ᠵᠢᠶᠦ᠋ᠨ ᠴᠢᠩ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠢᠽᠢᠺ ᠰᠤᠳᠤᠯᠬᠤ ᠭᠠᠵᠠᠷ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠪᠠ
2024 ᠣᠨ᠎ᠤ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠰᠦᠨ ᠵᠢᠶᠦ᠋ᠨ ᠴᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠮᠡᠳᠡᠭᠦᠯᠦᠯᠲᠡ ᠬᠢᠪᠡ
 
            