ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ ᠥᠪᠥᠷ ᠮᠣᠩᠭᠣᠯ᠎ᠤᠨ ᠲᠡᠷᠢᠭᠦᠨ᠎ᠤ 6 ᠬᠥᠮᠥᠨ 5 ᠨᠢᠭᠡᠴᠢ ᠵᠢ ᠰᠠᠢ᠌ᠰᠢᠶᠠᠨ ᠬᠥᠬᠢᠭᠦᠯᠪᠡ
ᠨᠡᠶ᠋ᠢᠲᠡᠯᠡᠭᠰᠡᠨ ᠴᠠᠭ᠄ 2024-03-05


   3 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ᠎ᠠᠴᠠ ᠣᠢ᠌ᠯᠠᠭ᠋ᠠᠭᠰᠠᠨ ᠵᠶ᠋ᠡᠷ᠂ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠵᠤ᠂ ᠨᠡᠢ᠌ᠲᠡᠯᠢᠭ ᠵᠢᠱ᠌ᠢᠶ᠎ᠡ ᠵᠢ ᠪᠤᠢ ᠪᠣᠯᠭ᠋ᠠᠵᠤ᠂ ᠥᠷᠭᠡᠨ ᠤᠯᠠᠨ ᠡᠮᠡᠭᠲᠡᠢ᠌ᠴᠦᠳ᠎ᠤᠨ ᠨᠠᠮ ᠵᠶ᠋ᠠᠨ ᠳᠠᠭ᠋ᠠᠵᠤ ᠰᠢᠨ᠎ᠡ ᠠᠶᠠᠨ ᠵᠠᠮ᠎ᠳᠤ ᠤᠷᠤᠭᠰᠢᠯᠠᠨ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠵᠢ᠎ᠨᠢ ᠬᠥᠲᠥᠯᠥᠨ ᠵᠣᠷᠢᠭᠵᠢᠭᠤᠯᠬᠤ ᠵᠢᠨ ᠲᠥᠯᠥᠭᠡ᠂ ᠪᠦᠬᠦ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ᠎ᠠᠴᠠ ᠬᠤᠸᠠᠩ ᠬᠤᠢ ᠯᠢᠨ ᠵᠡᠷᠭᠡ 10 ᠬᠥᠮᠥᠨ᠎ᠳᠤ ᠪᠦᠬᠦ ᠤᠯᠤᠰ᠎ᠤᠨ 《3.8》᠎ᠤ ᠤᠯᠠᠭ᠋ᠠᠨ ᠲᠤᠭᠴᠢ ᠵᠢᠨ ᠵᠢᠱ᠌ᠢᠶᠡᠴᠢ᠂ ᠸᠠᠩ ᠱᠤ᠌ ᠵᠡᠷᠭᠡ 300 ᠬᠥᠮᠥᠨ᠎ᠳᠤ ᠪᠦᠬᠦ ᠤᠯᠤᠰ᠎ᠤᠨ 《3.8》᠎ᠤ ᠤᠯᠠᠭ᠋ᠠᠨ ᠲᠤᠭᠴᠢ᠂ ᠴᠢᠩᠬᠤᠸᠠ ᠶᠡᠬᠡ ᠰᠤᠷᠭ᠋ᠠᠭᠤᠯᠢ ᠵᠢᠨ ᠬᠠᠷᠢᠶᠠᠲᠤ ᠪᠠᠭ᠎ᠠ ᠰᠤᠷᠭ᠋ᠠᠭᠤᠯᠢ ᠵᠡᠷᠭᠡ 200 ᠨᠢᠭᠡᠴᠢ᠎ᠳᠤ ᠪᠦᠬᠦ ᠤᠯᠤᠰ᠎ᠤᠨ 《3.8》᠎ᠤ ᠤᠯᠠᠭ᠋ᠠᠨ ᠲᠤᠭᠴᠢ ᠵᠢᠨ ᠬᠠᠮᠲᠤ ᠨᠢᠭᠡᠴᠢ ᠵᠡᠷᠭᠡ ᠴᠣᠯᠠ ᠣᠯᠭᠣᠬᠤ᠎ᠪᠠᠷ ᠲᠣᠭᠲᠠᠪᠠ᠃ ᠡᠭᠦᠨ᠎ᠳᠤ᠂ ᠥᠪᠥᠷ ᠮᠣᠩᠭᠣᠯ᠎ᠤᠨ 6 ᠬᠤᠪᠢ ᠬᠥᠮᠥᠨ ᠪᠥᠬᠥ ᠤᠯᠤᠰ᠎ᠤᠨ 《3.8》᠎ᠤ ᠤᠯᠠᠭ᠋ᠠᠨ ᠲᠤᠭᠴᠢ ᠵᠢᠨ ᠴᠣᠯᠠ ᠭᠥᠷᠳᠡᠵᠦ᠂ 5 ᠨᠢᠭᠡᠴᠢ ᠪᠥᠬᠥ ᠤᠯᠤᠰ᠎ᠤᠨ 《3.8》᠎ᠤ ᠤᠯᠠᠭ᠋ᠠᠨ ᠲᠤᠭᠴᠢ ᠵᠢᠨ ᠬᠠᠮᠲᠤ ᠨᠢᠭᠡᠴᠢ ᠵᠢᠨ ᠴᠣᠯᠠ ᠭᠥᠷᠳᠡᠪᠡ᠃

      ᠮᠠᠨ᠎ᠤ ᠣᠷᠣᠨ᠎ᠤ ᠪᠦᠬᠦ ᠤᠯᠤᠰ᠎ᠤᠨ 《3.8》᠎ᠤ ᠤᠯᠠᠭ᠋ᠠᠨ ᠲᠤᠭᠴᠢ ᠵᠢ ᠢᠷᠠᠭᠤ ᠠᠯᠳᠠᠷᠲᠠᠢ᠎ᠪᠠᠷ ᠬᠥᠷᠲᠡᠭᠰᠡᠨ 6 ᠬᠤᠪᠢ ᠬᠥᠮᠥᠨ ᠪᠣᠯ ᠦᠬᠠᠢ ᠬᠤᠳᠠ ᠵᠢᠨ ᠡᠮᠡᠭᠲᠡᠢ ᠠᠵᠤ ᠠᠬᠤᠢ᠌ᠯᠠᠯᠲᠠᠳ᠎ᠤᠨ ᠨᠡᠢ᠌ᠭᠡᠮᠯᠢᠭ᠎ᠤᠨ ᠳᠠᠷᠤᠭ᠎ᠠ ᠵᠠᠩ ᠵᠢᠢ ᠫᠢᠩ᠂ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠤ ᠢᠦᠢ ᠵᠧᠨ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠬᠣᠷᠰᠢᠶᠠᠨ᠎ᠤ ᠬᠡᠷᠡᠭ ᠡᠷᠬᠢᠯᠡᠭᠴᠢᠳ᠎ᠤᠨ ᠳᠠᠷᠤᠭ᠎ᠠ ᠵᠢᠶᠠᠩ ᡁᠢ ᠬᠤᠸᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠱ᠌ᠢ ᠰᠢᠶᠠᠩ ᠷᠦᠩ᠂ ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠲᠠᠪᠤᠳᠤᠭ᠋ᠠᠷ ᠬᠤᠪᠢᠶᠠᠷᠢ ᠺᠣᠮᠫᠠᠨᠢ ᠵᠢᠨ ᠮᠡᠷᠭᠡᠵᠢᠯ᠎ᠤᠨ ᠲᠠᠰᠤᠭ᠎ᠤᠨ ᠭᠠᠷ ᠤᠷᠠᠯᠠᠯ᠎ᠤᠨ ᠮᠡᠷᠭᠡᠵᠢᠯᠲᠡᠨ ᠢᠦᠢ ᠬᠠᠢ ᠶᠠᠨ᠂ ᠪᠠᠶᠠᠨᠨᠠᠭᠤᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠭᠠᠵᠠᠷ᠎ᠤᠨ ᠳᠠᠷᠤᠭ᠎ᠠ ᠵᠠᠩ ᠰᠢᠶᠣᠣ ᠬᠣᠩ᠂ ᠥᠪᠥᠷ ᠮᠣᠩᠭᠣᠯ᠎ᠤᠨ ᠢᠦᠢ ᠲᠦᠩ ᠪᠦᠲᠦᠭᠡᠨ ᠪᠠᠢ᠌ᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠢ ᠹᠧᠩ ᠮᠧᠶ ᠪᠣᠯᠣᠨ᠎ᠠ᠃

      ᠮᠠᠨ᠎ᠤ ᠣᠷᠣᠨ᠎ᠤ ᠪᠦᠬᠦ ᠤᠯᠤᠰ᠎ᠤᠨ 《3.8》᠎ᠤ ᠤᠯᠠᠭ᠋ᠠᠨ ᠲᠤᠭᠴᠢ ᠵᠢᠨ ᠬᠠᠮᠲᠤ ᠨᠢᠭᠡᠴᠢ ᠵᠢ ᠢᠷᠠᠭᠤ ᠠᠯᠳᠠᠷᠲᠠᠢ᠎ᠪᠠᠷ ᠬᠥᠷᠲᠡᠭᠰᠡᠨ 5 ᠨᠢᠭᠡᠴᠢ ᠪᠣᠯ ᠤᠯᠠᠭ᠋ᠠᠨᠬᠠᠳᠠ ᠬᠣᠲᠠ ᠵᠢᠨ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠬᠥᠬᠡᠬᠣᠲᠠ ᠵᠢᠨ ᠭᠠᠯ ᠰᠡᠷᠭᠡᠢ᠌ᠯᠡᠵᠦ ᠠᠪᠤᠷᠠᠨ ᠲᠤᠰᠠᠯᠠᠬᠤ ᠰᠠᠯᠪᠤᠷᠢ ᠠᠩᠭᠢ ᠵᠢᠨ ᠡᠮᠡᠭᠲᠡᠢ᠌ᠴᠦᠳ᠎ᠤᠨ ᠭᠠᠯ ᠤᠨᠲᠠᠷᠠᠭ᠋ᠠᠬᠤ᠎ᠳᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠬᠣᠰᠢᠭᠤᠴᠢ ᠠᠩᠭᠢ᠂ ᠣᠷᠳᠣᠰ ᠬᠣᠲᠠ ᠵᠢᠨ ᠡᠮᠡᠭᠲᠡᠢ᠌ᠴᠦᠳ᠎ᠤᠨ ᠬᠣᠯᠪᠣᠭ᠎ᠠ᠂ ᠤᠯᠠᠭ᠋ᠠᠨᠴᠠᠪ ᠬᠣᠲᠠ ᠵᠢᠨ ᠤᠷᠠᠯᠢᠭ᠎ᠤᠨ ᠰᠤᠷᠭ᠋ᠠᠭᠤᠯᠢ ᠵᠢᠨ ᠡᠮᠡᠭᠲᠡᠢ᠌ᠴᠦᠳ᠎ᠤᠨ ᠵᠥᠪᠯᠡᠯ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠯ᠎ᠤᠨ ᠲᠣᠪᠴᠢᠶᠠᠨ᠎ᠤ ᠰᠦᠯᠵᠢᠶᠡᠨ᠎ᠤ ᠵᠠᠬᠢᠳᠠᠯ ᠰᠤᠷᠪᠤᠯᠵᠢᠯᠠᠯ᠎ᠤᠨ ᠭᠠᠵᠠᠷ ᠪᠣᠯᠣᠨ᠎ᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠮᠡᠭᠲᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
            