ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠤ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠰᠦᠨ ᠵᠢᠶᠦ᠋ᠨ ᠴᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠮᠡᠳᠡᠭᠦᠯᠦᠯᠲᠡ ᠬᠢᠪᠡ
ᠨᠡᠶ᠋ᠢᠲᠡᠯᠡᠭᠰᠡᠨ ᠴᠠᠭ᠄ 2024-02-21


   2 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ 2024 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 2023 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳ᠋ᠦᠩᠨᠡᠵᠦ᠂ 2024 ᠣᠨ᠎ᠤ ᠭᠣᠤᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃



   2 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠡᠬᠢᠯᠡᠪᠡ᠃


    ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠬᠤᠷᠠᠯ᠎ᠳᠤ ᠣᠷᠣᠯᠴᠠᠭᠰᠠᠨ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠮᠡᠳᠡᠭᠦᠯᠦᠯᠲᠡ ᠬᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠧᠩ ᠵᠢᠶᠠ ᠵᠢᠤᠢ ᠬᠤᠷᠠᠯ᠎ᠢ ᠡᠷᠭᠢᠯᠡᠪᠡ᠃



    ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠮᠡᠳᠡᠭᠦᠯᠦᠯᠲᠡ ᠬᠢᠪᠠ᠃


    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠧᠩ ᠵᠢᠶᠠ ᠵᠢᠤᠢ ᠬᠤᠷᠠᠯ᠎ᠢ ᠡᠷᠭᠢᠯᠡᠪᠡ᠃
    ᠬᠤᠷᠠᠯ᠎ᠠᠴᠠ᠂ 2023 ᠣᠨ᠎ᠳᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠪᠣᠯᠭ᠋ᠠᠵᠤ᠂ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠴᠢᠩᠭ᠎ᠠ ᠡᠵᠡᠮᠳᠡᠨ᠂ ᠠᠴᠢ ᠬᠠᠷᠢᠭᠤᠯᠠᠬᠤ ᠰᠡᠳᠬᠢᠯ᠎ᠢ ᠡᠪᠦᠷᠯᠡᠨ ᠥᠭᠡᠷᠡᠴᠢᠯᠡᠯᠲᠡ ᠵᠢᠨ ᠬᠦᠴᠦᠨ᠎ᠢ ᠪᠠᠳᠠᠷᠠᠭᠤᠯᠵᠤ᠂ ᠰᠢᠨ᠎ᠡ ᠵᠢ ᠡᠭᠦᠳᠬᠦ ᠲᠠᠪᠴᠠᠩ᠎ᠢ ᠪᠣᠢ᠌ᠵᠢᠭᠤᠯᠤᠨ᠂ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠲᠣᠳᠣᠷᠬᠠᠢ᠌ᠯᠠᠨ᠂ ᠨᠡᠭᠡᠭᠡᠯᠲᠡ ᠬᠢᠵᠦ ᠬᠠᠮᠲᠤᠷᠠᠯᠴᠠᠬᠤ ᠵᠢ ᠠᠬᠢᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠰᠢᠪᠲᠤᠯᠤᠯᠲᠠ᠎ᠲᠠᠢ ᠪᠠᠢ᠌ᠵᠤ᠂ ᠴᠢᠨᠠᠷ ᠰᠠᠢ᠌ᠲᠠᠢ ᠬᠦᠭᠵᠢᠯᠲᠡ ᠵᠢᠨ ᠲᠦᠯᠬᠢᠨ ᠠᠬᠢᠭᠤᠯᠬᠤ᠎ᠳᠤ ᠰᠢᠨ᠎ᠡ ᠳᠠᠪᠰᠢᠯᠲᠡ᠎ᠲᠠᠢ ᠪᠠᠢ᠌ᠨ᠎ᠠ᠃《ᠰᠢᠨ᠎ᠡ ᠵᠢ ᠡᠭᠦᠳᠬᠦ ᠶᠡᠷᠦᠩᠬᠡᠢ᠌ᠯᠡᠭᠰᠡᠨ ᠳᠠᠯᠳᠠ ᠬᠦᠴᠦᠨ》᠎ᠨᠢ ᠪᠥᠬᠥ ᠤᠯᠤᠰ᠎ᠲᠤ 10 ᠳ᠋ᠤᠭ᠋ᠠᠷ᠎ᠲᠤ ᠵᠢᠭᠰᠠᠭ᠋ᠠᠭᠳᠠᠵᠤ᠂ ᠰᠤᠳᠤᠯᠤᠨ ᠨᠡᠭᠡᠭᠡᠬᠦ ᠠᠵᠢᠯᠲᠠᠨ᠎ᠤ ᠡᠵᠡᠯᠡᠬᠦ ᠬᠠᠷᠢᠴᠠᠯ᠎ᠤᠨ ᠨᠡᠮᠡᠭᠳᠡᠯ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠳᠣᠲᠤᠷ᠎ᠠ ᠰᠤᠳᠤᠯᠤᠨ ᠨᠡᠭᠡᠭᠡᠬᠦ ᠠᠵᠢᠯᠯᠠᠭ᠎ᠠ᠎ᠲᠠᠢ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ ᠨᠡᠮᠡᠭᠳᠡᠭᠰᠡᠨ ᠬᠡᠮᠵᠢᠶ᠎ᠡ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠡᠭᠦᠷᠭᠡᠯᠡᠭᠰᠡᠨ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠶ ᠵᠦᠢ᠍ᠯ᠎ᠤᠨ ᠪᠡᠯᠡ ᠮᠥᠩᠭᠥ ᠵᠢ ᠣᠯᠣᠭᠰᠠᠨ᠎ᠨᠢ ᠲᠡᠦᠬᠡᠨ ᠰᠢᠨ᠎ᠡ ᠲᠡᠮᠳᠡᠭᠯᠡᠯ᠎ᠢ ᠡᠭᠦᠳᠪᠡ᠃ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ 81.9%᠎ᠪᠠᠷ ᠨᠡᠮᠡᠭᠳᠡᠵᠦ᠂ ᠳᠡᠭᠡᠳᠦ ᠲᠠᠰ ᠳᠠᠪᠬᠤᠷᠭ᠎ᠠ ᠵᠢᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ᠎ᠳᠤ ᠲᠡᠦᠬᠡᠲᠦ ᠴᠢᠨᠠᠷᠲᠠᠶ ᠰᠢᠪᠲᠤᠯᠤᠯᠲᠠ ᠵᠢ ᠪᠡᠶᠡᠯᠡᠭᠦᠯᠪᠡ᠃ ᠪᠥᠬᠥ ᠣᠷᠣᠨ᠎ᠤ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢᠨ ᠲᠣᠭ᠎ᠠ 45.3%᠎ᠪᠠᠷ ᠨᠡᠮᠡᠭᠳᠡᠵᠦ᠂ ᠠᠷᠠᠯᠵᠢᠶᠠᠨ᠎ᠤ ᠲᠣᠭ᠎ᠠ 17.6%᠎ᠪᠠᠷ ᠨᠡᠮᠡᠭᠳᠡᠪᠡ᠃ ᠬᠥᠬᠡᠬᠣᠲᠠ ᠪᠤᠭᠤᠲᠤ ᠣᠷᠳᠣᠰ ᠭᠤᠷᠪᠠᠨ ᠬᠣᠲᠠ ᠪᠥᠬᠥ ᠤᠯᠤᠰ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠵᠠᠭᠤᠨ ᠬᠦᠴᠦᠷᠬᠡᠭ ᠬᠣᠲᠠ᠎ᠳᠤ ᠣᠷᠣᠵᠤ᠂ ᠶᠢᠰᠦᠳᠦᠭᠡᠷ ᠬᠤᠭᠤᠴᠠᠭ᠋ᠠᠨ᠎ᠤ ᠬᠥᠪᠴᠢ ᠵᠢᠨ ᠣᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠢ ᠠᠮᠵᠢᠯᠲᠠ᠎ᠲᠠᠢ ᠡᠷᠭᠢᠯᠡᠵᠦ᠂ ᠤᠯᠤᠰ᠎ᠤᠨ ᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠨᠡᠢ᠌ᠲᠡᠯᠢᠭ ᠲᠤᠷᠰᠢᠯᠭ᠎ᠠ᠎ᠪᠠᠷ ᠰᠣᠩᠭᠣᠭᠳᠠᠨ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠪᠡ᠃
    ᠬᠤᠷᠠᠯ᠎ᠠᠴᠠ᠂ 2024 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠳᠣᠯᠣᠳᠤᠭ᠋ᠠᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ 2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠵᠦ᠂ ᠶᠡᠷᠦ ᠪᠤᠰᠤ ᠵᠢᠨ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠴᠢᠬᠤᠯᠠ ᠪᠠᠢ᠌ᠷᠢᠯᠠᠭᠤᠯᠤᠯᠲᠠ ᠬᠢᠪᠠ᠃ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠨᠠᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠪᠣᠯᠭ᠋ᠠᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠳᠤ ᠵᠣᠬᠢᠴᠠᠬᠤ》᠂ 《ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠢ᠌ᠵᠢᠭᠤᠯᠬᠤ》᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠳᠤᠲᠠᠭᠤᠳᠠᠯ᠎ᠢ ᠨᠥᠬᠥᠪᠥᠷᠢᠯᠡᠬᠦ》 ᠪᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ ᠵᠢᠨ ᠰᠢᠰᠲ᠋ᠧᠮ᠎ᠤᠨ ᠬᠤᠪᠢᠰᠤᠯᠲᠠ᠎ᠳᠤ ᠵᠣᠬᠢᠴᠠᠬᠤ》 ᠵᠡᠷᠭᠡ ᠲᠦᠷᠪᠡᠨ ᠲᠠᠯ᠎ᠠ ᠵᠢᠨ ᠲᠤᠯᠭ᠋ᠠᠮ ᠬᠡᠷᠡᠭᠴᠡᠭᠡ᠎ᠠᠴᠠ ᠭᠠᠷᠳᠠᠵᠤ᠂ ᠣᠨᠣᠪᠴᠢᠲᠠᠶ ᠡᠵᠡᠮᠰᠢᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠪᠠ ᠡᠭᠦᠷᠭᠡ ᠵᠢ ᠭᠦᠨᠵᠡᠭᠡᠶ ᠣᠢ᠌ᠯᠠᠭ᠋ᠠᠬᠤ᠂ ᠰᠠᠭᠤᠵᠤ ᠳᠡᠢ᠍ᠯᠬᠦ ᠦᠭᠡᠢ ᠲᠤᠯᠭ᠋ᠠᠮ᠎ᠠ ᠰᠡᠳᠬᠢᠯᠭᠡ᠂ ᠠᠯᠭᠤᠷᠯᠠᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠢ᠍ᠯᠬᠦ ᠦᠭᠡᠢ ᠬᠠᠷᠢᠭᠤᠴᠠᠯᠭ᠋ᠠᠲᠤ ᠰᠡᠳᠬᠢᠯᠭᠡ᠎ᠪᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠱᠠᠯᠠᠪᠳᠠᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠤᠨ᠎ᠠ᠃ ᠦᠵᠡᠯ ᠰᠠᠨᠠᠭ᠎ᠠ᠎ᠪᠠᠨ ᠴᠢᠯᠥᠭᠡᠯᠡᠵᠦ᠂ ᠬᠠᠭᠤᠴᠢᠨ ᠵᠤᠷᠰᠢᠯ᠎ᠠᠴᠠ ᠮᠤᠯᠲᠤᠷᠠᠵᠤ᠂ ᠬᠡᠪ ᠵᠤᠷᠰᠢᠯ᠎ᠢ ᠵᠣᠷᠢᠭᠲᠠᠢ ᠡᠪᠳᠡᠵᠦ᠂ ᠬᠦᠴᠦ ᠬᠥᠳᠡᠯᠮᠦᠷᠢ᠎ᠪᠠᠨ ᠬᠠᠷᠠᠮ ᠦᠭᠡᠢ ᠵᠣᠷᠢᠭᠤᠯᠵᠤ᠂ 《ᠲᠠᠤᠯᠠᠢ ᠵᠢᠨ ᠪᠠᠢ᠌ᠯᠳᠤᠬᠤ ᠠᠷᠭ᠎ᠠ》 ᠵᠢ ᠪᠠᠳᠠᠷᠠᠭᠤᠯᠵᠤ᠂ 《ᠭᠦᠶᠦᠮᠡᠭᠴᠡ ᠰᠢᠪᠲᠤᠯᠤᠯᠲᠠ ᠬᠢᠬᠦ》᠂ 《ᠡᠬᠢᠯᠡᠭᠦᠯᠦᠮᠡᠭᠴᠡ ᠲᠦᠷᠦᠭᠦᠯᠡᠬᠦ》 ᠵᠢ ᠪᠡᠶᠡᠯᠡᠭᠦᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ 《ᠰᠢᠨ᠎ᠡ ᠵᠠᠮ ᠵᠶ᠋ᠠᠷ ᠵᠠᠮᠨᠠᠬᠤ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠴᠢᠩᠭ᠎ᠠ ᠬᠦᠴᠦᠲᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠩᠭ᠋ᠠᠳᠬᠠᠪᠠ᠃
    ᠬᠤᠷᠠᠯ᠎ᠠᠴᠠ 2024 ᠣᠨ᠎ᠳᠤ ᠲᠤᠪᠤᠢ᠍ᠢ᠍ᠮ᠎ᠠ ᠰᠠᠢ᠌ᠲᠤᠷ ᠠᠳᠬᠤᠬᠤ 7 ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠪᠠ᠃ ᠨᠢᠭᠡ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠴᠡᠭ ᠵᠶ᠋ᠡᠨ ᠡᠷᠢᠵᠦ ᠣᠯᠵᠤ᠂ ᠪᠦᠯᠬᠦᠮ ᠵᠶ᠋ᠡᠨ ᠰᠠᠢ᠌ᠲᠤᠷ ᠡᠷᠢᠵᠦ᠂ ᠵᠠᠭᠪᠤᠷ ᠵᠶ᠋ᠠᠨ ᠵᠥᠪ ᠡᠷᠢᠵᠦ᠂ 《ᠴᠡᠭ》᠎ᠤᠨ ᠲᠠᠯ᠎ᠠ ᠵᠢᠨ ᠰᠢᠪᠲᠤᠯᠤᠯᠲᠠ᠎ᠪᠠᠷ  《ᠲᠠᠯ᠎ᠠ》 ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠳᠠᠢ᠍ᠢ᠍ᠴᠢᠯᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠦᠨ᠎ᠡ᠃ ᠬᠣᠶᠠᠷ᠎ᠲᠤ᠂ ᠰᠢᠨ᠎ᠡ ᠵᠢ ᠡᠭᠦᠳᠬᠦ ᠲᠠᠪᠴᠠᠩ᠎ᠢ ᠰᠢᠯᠢᠳᠡᠭᠵᠢᠭᠦᠯᠦᠨ ᠪᠠᠢ᠌ᠷᠢᠯᠠᠭᠤᠯᠬᠤ ᠳᠡᠭᠡᠷ᠎ᠡ ᠬᠦᠴᠦ ᠲᠠᠯᠪᠢᠵᠤ᠂ ᠣᠲᠣ ᠵᠢᠨ ᠪᠠᠢ᠌ᠭ᠎ᠠ ᠤᠯᠤᠰ᠎ᠤᠨ ᠲᠠᠰ᠎ᠤᠨ ᠲᠠᠪᠴᠠᠩ᠎ᠢ ᠪᠠᠢ᠌ᠭᠤᠯᠤᠨ ᠬᠦᠴᠦᠷᠬᠡᠭᠵᠢᠭᠦᠯᠵᠦ᠂ 《ᠤᠯᠤᠰ᠎ᠤᠨ ᠠᠩᠭᠢ》 ᠵᠢ ᠤᠯᠠᠮ ᠨᠢᠭᠡ ᠠᠯᠬᠤᠮ ᠪᠤᠵᠠᠭ᠋ᠠᠢ᠌ᠷᠠᠭᠤᠯᠤᠨ᠂ 《ᠣᠷᠣᠨ ᠨᠤᠲᠤᠭ᠎ᠤᠨ ᠠᠩᠭᠢ》 ᠵᠢ ᠦᠷᠭᠦᠯᠵᠢᠯᠡᠨ ᠬᠦᠴᠦᠷᠬᠡᠭᠵᠢᠭᠦᠯᠦᠨ᠎ᠡ᠃ ᠭᠤᠷᠪᠠ᠎ᠳᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠲᠠᠯ᠎ᠠ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠳᠠᠪᠠᠭᠤᠯᠢᠭ ᠤᠨᠴᠠᠯᠢᠬᠳᠤ ᠬᠦᠷᠢᠶᠡᠨ᠎ᠤ ᠲᠣᠭᠣᠷᠢᠨ᠎ᠳᠤ ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ   ᠰᠢᠪᠲᠤᠯᠬᠤ ᠵᠢ ᠴᠢᠩᠭ᠋ᠠᠳᠬᠠᠵᠤ᠂ ᠨᠢᠭᠡ ᠪᠦᠯᠦᠭ ᠴᠢᠬᠤᠯᠠ ᠶᠡᠬᠡ ᠮᠡᠷᠭᠡᠵᠢᠯ᠎ᠤᠨ ᠰᠢᠪᠲᠤᠯᠤᠯᠲᠠ ᠪᠣᠯᠤᠨ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠤᠯᠬᠤ᠎ᠪᠠᠷ ᠴᠢᠷᠮᠠᠢ᠌ᠨ᠎ᠠ᠃ ᠳᠥᠷᠪᠡ᠎ᠳᠤ᠂ ᠰᠢᠨ᠎ᠡ ᠵᠢ ᠡᠭᠦᠳᠬᠦ ᠭᠣᠤᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠬᠦᠴᠦ ᠲᠠᠯᠪᠢᠵᠤ᠂ 《ᠬᠣᠶᠠᠷ᠎ᠢ ᠳᠠᠬᠢᠨ ᠵᠶ᠋ᠠᠷ ᠨᠡᠮᠡᠭᠳᠡᠭᠦᠯᠵᠦ ᠬᠣᠶᠠᠷ᠎ᠢ ᠳᠡᠭᠡᠭᠰᠢᠯᠡᠭᠦᠯᠬᠦ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠤᠨ᠎ᠠ᠃ ᠲᠠᠪᠤ᠎ᠳᠤ᠂ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠤᠭᠯᠠᠷᠠᠯ》᠎ᠤᠨ ᠲᠠᠪᠴᠠᠩ᠎ᠤᠨ ᠪᠠᠢ᠌ᠭᠤᠯᠤᠯᠲᠠ ᠵᠢᠨ ᠲᠠᠯ᠎ᠠ᠎ᠪᠠᠷ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠤᠭᠯᠠᠷᠠᠯ》᠎ᠤᠨ 2.0 ᠬᠡᠪ᠎ᠢ ᠪᠣᠶ ᠪᠣᠯᠭ᠋ᠠᠵᠤ᠂ 《ᠲᠠᠪᠴᠠᠩ᠎ᠳᠤ ᠭᠠᠷᠴᠤ᠂ ᠲᠠᠪᠴᠠᠩ ᠎ᠢ ᠬᠡᠷᠡᠭᠯᠡᠬᠦ》᠂ 《ᠬᠤᠪᠢ ᠬᠤᠷᠠᠮᠳᠤᠭᠤᠯᠵᠤ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ》᠂ 《ᠬᠠᠮᠢᠶᠠᠷᠤᠯᠲᠠ ᠦᠢᠯᠡᠴᠢᠯᠡᠭᠡ ᠵᠢ ᠠᠬᠢᠭᠤᠯᠤᠨ ᠳᠡᠭᠡᠭᠰᠢᠯᠡᠭᠦᠯᠬᠦ》 ᠠᠵᠢᠯᠯᠠᠭ᠎ᠠ ᠵᠢ ᠬᠡᠷᠡᠭᠵᠢᠭᠦᠯᠵᠦ᠂ 《ᠴᠤᠭᠯᠠᠷᠠᠯ》᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠨᠡᠢ᠌ᠯᠡᠯᠲᠡ》 ᠵᠢᠨ ᠦᠢᠯᠡᠳᠦᠯ᠎ᠢ ᠪᠠᠳᠠᠷᠠᠭᠤᠯᠤᠨ᠎ᠠ᠃ ᠵᠢᠷᠭᠤᠭ᠎ᠠ᠎ᠳᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠨᠡᠮᠡᠭᠳᠡᠯ᠎ᠤᠨ ᠲᠠᠯ᠎ᠠ᠎ᠪᠠᠷ ᠲᠠᠬᠢᠨ ᠬᠦᠴᠦᠯᠡᠵᠦ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠵᠠᠢ᠌ᠯᠠᠰᠢ ᠦᠭᠡᠢ ᠨᠡᠮᠡᠭᠳᠡᠯ᠎ᠤᠨ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠵᠢ ᠬᠦᠲᠦᠯᠦᠨ ᠵᠢᠯᠣᠭᠣᠳᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢ᠍ᠯᠭᠡᠭᠡ ᠵᠢ ᠬᠦᠴᠦᠯᠡᠨ ᠰᠠᠢ᠌ᠲᠤᠷ ᠠᠳᠬᠤᠵᠤ᠂ ᠨᠡᠢ᠌ᠭᠡᠮ᠎ᠤᠨ ᠬᠦᠷᠦᠩᠭᠡ ᠵᠢᠨ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠵᠢ ᠬᠦᠲᠦᠯᠦᠨ ᠵᠢᠯᠣᠭᠣᠳᠤᠨ᠎ᠠ᠃ ᠲᠤᠯᠤᠭ᠎ᠠ᠎ᠳᠤ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠨ᠎ᠡ ᠲᠦᠷᠦ ᠵᠢᠨ ᠪᠤᠳᠤᠯᠭ᠎ᠠ ᠵᠢ ᠲᠣᠭᠲᠠᠭ᠋ᠠᠵᠤ᠂《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠲᠦᠷᠦ ᠵᠢᠨ ᠪᠤᠳᠤᠯᠭ᠎ᠠ ᠵᠢᠨ《ᠲᠡᠰ ᠳᠡᠪᠰᠢᠭᠰᠡᠨ ᠬᠡᠪ》᠎ᠢ   ᠴᠣᠭᠴᠠᠯᠠᠨ᠎ᠠ᠃
    ᠬᠤᠷᠠᠯ ᠳᠡᠭᠡᠷ᠎ᠡ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠥᠪᠥᠷ ᠮᠣᠩᠭᠣᠯ᠎ᠤᠨ ᠠᠵᠤ ᠦᠢᠯᠡᠳᠪᠦᠷᠢ ᠵᠢᠨ ᠶᠡᠬᠡ ᠰᠤᠷᠭ᠋ᠠᠭᠤᠯᠢ᠂ ᠤᠯᠤᠰ᠎ᠤᠨ ᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ ᠵᠡᠷᠭᠡ 6 ᠨᠢᠭᠡᠴᠢ ᠲᠤᠷᠰᠢᠯᠭ᠎ᠠ᠎ᠪᠠᠨ ᠰᠣᠯᠢᠯᠴᠠᠬᠤ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ᠂ ᠬᠥᠬᠡᠬᠣᠲᠠ᠎ᠳᠤ ᠰᠠᠭᠤᠭ᠎ᠠ ᠬᠡᠰᠡᠭ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠣᠯᠤᠨ ᠲᠢᠩᠬᠢᠮ᠎ᠤᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠵᠢᠴᠢ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ ᠥᠪᠥᠷ ᠮᠣᠩᠭᠣᠯ᠎ᠤᠨ ᠲᠡᠷᠢᠭᠦᠨ᠎ᠤ 6 ᠬᠥᠮᠥᠨ 5 ᠨᠢᠭᠡᠴᠢ ᠵᠢ ᠰᠠᠢ᠌ᠰᠢᠶᠠᠨ ᠬᠥᠬᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠮᠡᠭᠲᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
            