2 ᠳ᠋ᠤᠭ᠋ᠠᠷ ᠰᠠᠷ᠎ᠠ ᠵᠢᠨ 27᠎ᠤ ᠡᠳᠦᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠵᠢ ᠰᠢᠪᠲᠤᠯᠬᠤ》ᠢᠨᠵᠧᠨᠧᠷᠢᠩ᠎ᠢ ᠲᠦᠷᠭᠡᠳᠬᠡᠨ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠪᠦᠯᠬᠦᠮ ᠳᠠᠭ᠋ᠠᠭᠤᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠢᠽᠢᠺ ᠰᠤᠳᠤᠯᠬᠤ ᠭᠠᠵᠠᠷ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠨᠥᠭᠡᠴᠡ ᠡᠨᠧᠷᠭᠢ ᠵᠢᠨ ᠬᠥᠭᠵᠢᠯᠲᠡ ᠵᠢᠨ ᠬᠠᠨᠳᠤᠰᠢ ᠵᠢᠨ ᠲᠤᠬᠠᠶ ᠯᠢ ᠬᠣᠩ ᠰᠤᠳᠤᠯᠤᠭᠴᠢ ᠵᠢᠨ ᠪᠦᠯᠬᠦᠮ᠎ᠲᠠᠢ ᠭᠦᠨᠵᠡᠭᠡᠶ ᠶᠠᠷᠢᠯᠴᠠᠵᠤ ᠰᠠᠨᠠᠯ ᠵᠶ᠋ᠠᠨ ᠰᠣᠯᠢᠯᠴᠠᠪᠠ ᠃

ᠰᠦᠨ ᠵᠢᠶᠦ᠋ᠨ ᠴᠢᠩ᠂ ᠣᠳᠣᠬᠠᠨ᠎ᠳᠤ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠴᠢᠩᠭ᠎ᠠ ᠠᠳᠬᠤᠵᠤ᠂ ᠰᠢᠨ᠎ᠡ ᠠᠵᠤ ᠦᠢ᠍ᠯᠡᠰ ᠰᠢᠨ᠎ᠡ ᠤᠷᠤᠯᠳᠤᠭ᠋ᠠᠨ᠎ᠤ ᠵᠠᠮ᠎ᠢ ᠢᠳᠡᠪᠬᠢᠲᠡᠢ ᠪᠣᠢ᠌ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠣᠷᠣᠬᠤ》᠎ᠳᠤ ᠬᠦᠴᠦᠲᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ ᠪᠠᠢ᠌ᠨ᠎ᠠ᠃ ᠲᠡᠷᠡ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠢᠽᠢᠺ᠎ᠤᠨ ᠰᠤᠳᠤᠯᠭ᠋ᠠᠨ᠎ᠤ ᠭᠠᠵᠠᠷ᠎ᠤᠨ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭ᠋ᠠᠯᠠᠬᠤ ᠵᠡᠷᠭᠡ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠠᠪᠠᠭᠤᠯᠢᠭ᠎ᠢ ᠠᠰᠢᠭᠯᠠᠨ᠂ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡᠨ᠎ᠤ ᠠᠬᠤᠶ ᠪᠠᠢ᠌ᠳᠠᠯ᠎ᠲᠠᠢ ᠤᠶᠠᠯᠳᠤᠭᠤᠯᠵᠤ᠂ ᠪᠠᠢ᠌ᠯᠳᠤᠬᠤ ᠪᠣᠳᠣᠯᠭ᠎ᠠ ᠵᠢᠨ ᠯᠠᠪᠯᠠᠭ᠎ᠠ ᠥᠭᠬᠦ ᠪᠠ ᠴᠢᠳᠠᠪᠤᠷᠢᠲᠠᠨ᠎ᠤ ᠪᠦᠯᠬᠦᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠡᠬᠢᠯᠡᠮᠡᠭᠴᠡ ᠲᠦᠷᠦᠭᠦᠯᠡᠬᠦ》ᠱᠠᠭ᠋ᠠᠷᠳᠠᠯᠭ᠎ᠠ ᠵᠢ ᠴᠢᠩᠭ᠎ᠠ ᠡᠵᠡᠮᠳᠡᠨ᠂ ᠰᠢᠪᠲᠤᠯᠤᠯᠲᠠ ᠬᠢᠬᠦ ᠴᠢᠭᠯᠡᠯ ᠴᠡᠭ᠎ᠢ ᠲᠥᠯᠥᠪᠵᠢᠭᠦᠯᠵᠦ᠂ ᠳᠠᠷᠤᠶ ᠲᠦᠷᠭᠡᠨ ᠬᠡᠷᠡᠭᠵᠢᠭᠦᠯᠬᠦ ᠲᠥᠰᠦᠯ ᠭᠠᠷᠭ᠋ᠠᠵᠤ᠂ ᠨᠢᠭᠡ᠎ᠨᠢ ᠪᠣᠯᠪᠠᠰᠤᠷᠠᠩᠭᠤᠶ ᠪᠣᠯᠪᠠᠯ ᠨᠢᠭᠡ ᠵᠢ ᠡᠬᠢᠯᠡᠭᠦᠯᠵᠦ᠂ ᠬᠡᠷᠡᠭᠵᠢᠭᠦᠯᠬᠦ ᠱᠠᠲᠤᠨ᠎ᠳᠤ ᠲᠦᠷᠭᠡᠨ ᠣᠷᠣᠬᠤ ᠵᠢ ᠬᠦᠰᠡᠵᠦ ᠪᠠᠢ᠌ᠨ᠎ᠠ ᠭᠡᠪᠡ᠃ ᠬᠠᠮᠲᠤᠷᠠᠭᠰᠠᠨ ᠴᠣᠭᠴᠠ ᠵᠢᠨ ᠠᠷᠭ᠎ᠠ ᠬᠡᠯᠪᠡᠷᠢ ᠵᠢ ᠰᠢᠨᠡᠴᠢᠯᠡᠵᠦ ᠵᠣᠯᠭ᠋ᠠᠭᠤᠯᠤᠨ ᠬᠡᠷᠡᠭᠵᠢᠭᠦᠯᠵᠦ᠂ ᠰᠢᠨ᠎ᠡ᠎ᠪᠠᠷ ᠪᠠᠢ᠌ᠭᠤᠯᠤᠭᠰᠠᠨ ᠰᠢᠨ᠎ᠡ ᠵᠢ ᠡᠭᠦᠳᠬᠦ ᠲᠠᠪᠴᠠᠩ ᠬᠢᠭᠡᠳ ᠣᠲᠣ ᠵᠢᠨ ᠪᠠᠢ᠌ᠭ᠎ᠠ ᠲᠠᠪᠴᠠᠩ᠎ᠤᠨ ᠬᠣᠯᠪᠣᠭ᠋ᠠᠯᠠᠨ ᠬᠥᠳᠡᠯᠦᠯᠴᠡᠬᠦ ᠵᠢ ᠰᠠᠢ᠌ᠲᠤᠷ ᠬᠢᠵᠦ᠂ ᠡᠯ᠎ᠡ ᠴᠢᠬᠤᠯᠠ ᠡᠯᠧᠮᠧᠨ᠋ᠲ᠎ᠢ ᠲᠥᠪᠯᠡᠷᠡᠭᠦᠯᠦᠨ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠦᠷᠢᠯᠳᠦᠭᠦᠯᠵᠦ᠂ 《ᠴᠡᠭ》᠎ᠤᠨ ᠰᠢᠪᠲᠤᠯᠤᠯᠲᠠ᠎ᠪᠠᠷ 《ᠪᠥᠬᠥ ᠲᠠᠯ᠎ᠠ》 ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠳᠠᠢ᠌ᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠨ᠎ᠡ ᠭᠡᠪᠡ᠃

ᠶᠠᠷᠢᠯᠴᠠᠬᠤ ᠬᠤᠷᠠᠯ ᠳᠡᠭᠡᠷ᠎ᠡ᠂ ᠯᠢ ᠬᠣᠩ ᠹᠢᠽᠢᠺ᠎ᠤᠨ ᠰᠤᠳᠤᠯᠭ᠋ᠠᠨ᠎ᠤ ᠭᠠᠵᠠᠷ᠎ᠤᠨ ᠬᠥᠭᠵᠢᠯᠲᠡ ᠵᠢᠨ ᠶᠠᠪᠤᠴᠠ ᠵᠢᠴᠢ ᠪᠦᠯᠬᠦᠮ᠎ᠤᠨ ᠭᠣᠤᠯ ᠪᠣᠯᠬᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠲᠠᠨᠢᠯᠴᠠᠭᠤᠯᠵᠤ᠂ ᠨᠥᠭᠡᠴᠡ ᠡᠨᠧᠷᠭᠢ ᠵᠢᠨ ᠬᠥᠭᠵᠢᠯᠲᠡ ᠵᠢᠨ ᠬᠠᠨᠳᠤᠰᠢ ᠪᠣᠯᠤᠨ ᠲᠥᠯᠥᠪᠵᠢᠭᠦᠯᠭᠡ ᠵᠢ ᠨᠠᠷᠢᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠦᠭᠰᠡᠨ ᠬᠠᠮᠢᠶ᠎ᠠ ᠪᠥᠬᠥᠶ ᠪᠠᠢ᠌ᠳᠠᠯ᠎ᠢ ᠲᠠᠨᠢᠯᠴᠠᠭᠤᠯᠵᠤ᠂ ᠬᠣᠶᠠᠷ ᠲᠠᠯ᠎ᠠ᠎ᠪᠠᠷ ᠵᠶ᠋ᠠᠨ ᠣᠯᠠᠨ ᠨᠡᠢ᠌ᠲᠡ ᠵᠢᠨ ᠰᠢᠨ᠎ᠡ ᠵᠢ ᠡᠭᠦᠳᠬᠦ ᠦᠢᠯᠡᠴᠢᠯᠡᠭᠡᠨ᠎ᠤ ᠲᠠᠪᠴᠠᠩ᠂ ᠰᠢᠨᠵᠢᠯᠡᠬᠦ ᠤᠬᠠᠭ᠋ᠠᠨᠲᠠᠨ᠎ᠤ ᠠᠵᠢᠯᠯᠠᠬᠤ ᠲᠠᠰᠤᠭ ᠵᠢᠴᠢ ᠪᠥᠬᠥ ᠬᠠᠲᠠᠭᠤ ᠲᠦᠯᠦᠪᠲᠦ ᠯᠢᠲ᠋ᠢ ᠳ᠋ᠢᠶᠠᠨ ᡂᠢ᠂ ᠨᠠᠲᠷᠢ ᠵᠢᠨ ᠢᠶᠣᠨ᠎ᠤ ᠴᠠᠬᠢᠯᠭ᠋ᠠᠨ ᠪᠠᠭᠲᠠᠭ᠋ᠠᠮᠵᠢ ᠵᠡᠷᠭᠡ ᠲᠠᠯ᠎ᠠ ᠵᠢᠨ ᠨᠥᠭᠡᠴᠡ ᠡᠨᠧᠷᠭᠢ ᠵᠢᠨ ᠪᠣᠭᠣᠮᠲᠠ ᠰᠢᠪᠲᠤᠯᠬᠤ ᠲᠠᠯ᠎ᠠ᠎ᠪᠠᠷ ᠠᠩᠬ᠎ᠠ ᠠᠯᠬᠤᠮ᠎ᠤᠨ ᠬᠠᠮᠲᠤ ᠵᠢᠨ ᠲᠠᠨᠢᠯᠲᠠ᠎ᠲᠠᠢ ᠪᠣᠯᠵᠠᠶ᠃