4 ᠳ᠋ᠦ᠍ᠭᠡᠷ ᠰᠠᠷ᠎ᠠ ᠵᠢᠨ 9᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠬᠥᠬᠡᠬᠣᠲᠠ᠂ ᠣᠷᠳᠣᠰ ᠬᠣᠲᠠ ᠵᠢᠨ ᠬᠠᠮᠢᠶ᠎ᠠ ᠪᠥᠬᠥᠶ ᠬᠥᠮᠦᠰ᠎ᠢ ᠳᠠᠭ᠋ᠠᠭᠤᠯᠤᠨ ᠪᠡᠭᠡᠵᠢᠩ᠎ᠳᠤ ᠬᠦᠷᠴᠦ ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠠᠢ ᠵᠣᠯᠭ᠋ᠠᠭᠤᠯᠤᠨ ᠰᠠᠨᠠᠯ ᠵᠶ᠋ᠠᠨ ᠰᠣᠯᠢᠯᠴᠠᠪᠠ᠃

ᠰᠦᠨ ᠵᠢᠶᠦ᠋ᠨ ᠴᠢᠩ ᠨᠡᠷ ᠪᠡᠭᠡᠵᠢᠩ ᠲᠢᠶᠠᠨᠵᠢᠨ ᠾᠸᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠪᠡᠭᠡᠵᠢᠩ ᠲᠢᠶᠠᠨᠵᠢᠨ ᠾᠸᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠳᠡᠯᠡᠬᠡᠢ᠌ᠵᠢᠯᠲᠡ ᠵᠢᠨ ᠬᠠᠮᠵᠢᠯᠴᠠᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠭᠤᠯᠤᠯᠲᠠ᠂ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠦᠯ ᠵᠦᠢ᠍ᠯ᠎ᠤᠨ ᠵᠣᠬᠢᠶᠠᠨ ᠪᠠᠢ᠌ᠭᠤᠯᠤᠯᠲᠠ ᠵᠡᠷᠭᠡ ᠲᠠᠯ᠎ᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠬᠣᠶᠠᠷ ᠲᠠᠯ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
ᠰᠦᠨ ᠵᠢᠶᠦ᠋ᠨ ᠴᠢᠩ ᠪᠡᠭᠡᠵᠢᠩ ᠲᠢᠶᠠᠨᠵᠢᠨ ᠾᠸᠪᠸᠢ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠵᠦᠩ ᠭᠤᠸᠠᠨ ᠼᠦᠨ᠎ᠤ ᠰᠢᠨᠵᠢᠯᠡᠬᠦ ᠤᠬᠠᠭ᠋ᠠᠨ᠎ᠤ ᠬᠤᠳᠠ ᠵᠢᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠣᠳᠣᠬᠠᠨ᠎ᠳᠤ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠪᠥᠬᠥ ᠬᠦᠴᠦᠨ ᠵᠶ᠋ᠡᠷ ᠵᠶ᠋ᠡᠨ ᠬᠡᠷᠡᠭᠵᠢᠭᠦᠯᠵᠦ᠂ ᠰᠢᠨ᠎ᠡ ᠠᠵᠤ ᠦᠢᠯᠡᠰ ᠰᠢᠨ᠎ᠡ ᠤᠷᠤᠯᠳᠤᠭ᠋ᠠᠨ᠎ᠤ ᠵᠠᠮ᠎ᠢ ᠢᠳᠡᠪᠬᠢᠲᠡᠶ ᠪᠣᠢ᠌ᠵᠢᠭᠤᠯᠵᠤ ᠪᠠᠢ᠌ᠨ᠎ᠠ᠃ ᠬᠣᠶᠠᠷ ᠲᠠᠯ᠎ᠠ᠎ᠪᠠᠷ ᠵᠶ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠲᠣᠭᠲᠠᠭᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠰᠢᠨ᠎ᠡ ᠵᠢ ᠡᠭᠦᠳᠬᠦ ᠲᠥᠪ᠎ᠤᠨ ᠤᠯᠤᠰ᠎ᠤᠨ ᠲᠠᠰ᠎ᠤᠨ ᠲᠠᠪᠴᠠᠩ᠎ᠤᠨ ᠳᠠᠪᠠᠭᠤᠯᠢᠭ ᠪᠣᠯᠤᠨ ᠨᠤᠷᠠᠭ᠋ᠠᠯᠲᠠ ᠵᠢᠨ ᠴᠢᠨᠠᠷᠲᠠᠶ ᠲᠥᠯᠥᠪᠯᠡᠭᠡ ᠵᠢᠨ ᠵᠣᠬᠢᠶᠠᠨ ᠪᠠᠢ᠌ᠭᠤᠯᠤᠯᠲᠠ ᠬᠠᠮᠢᠶᠠᠷᠤᠯᠲᠠ ᠵᠢᠨ ᠳᠠᠪᠠᠭᠤᠯᠢᠭ᠎ᠢ ᠠᠰᠢᠭᠯᠠᠵᠤ᠂ ᠥᠪᠥᠷ ᠮᠣᠩᠭᠣᠯ᠎ᠤᠨ 《ᠲᠠᠪᠤᠨ ᠶᠡᠬᠡ ᠬᠦᠷᠢᠶ᠎ᠡ ᠴᠠᠷᠠᠭ᠎ᠠ》᠂ 《ᠨᠠᠢᠮᠠᠨ ᠶᠡᠬᠡ ᠴᠢᠭᠯᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢᠯᠡᠰ᠎ᠤᠨ ᠰᠢᠨ᠎ᠡ ᠵᠢ ᠡᠭᠦᠳᠬᠦ ᠬᠡᠷᠡᠭᠴᠡᠭᠡ ᠵᠢ ᠭᠦᠨᠵᠡᠭᠡᠶ ᠠᠭᠤᠳᠠᠯᠵᠤ᠂ ᠥᠪᠥᠷ ᠮᠣᠩᠭᠣᠯ᠎ᠤᠨ ᠰᠤᠳᠤᠯᠭ᠋ᠠᠨ᠎ᠤ ᠲᠥᠪ᠎ᠢ ᠪᠠᠢ᠌ᠷᠢᠰᠢᠭᠤᠯᠵᠤ᠂ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠲᠥᠷᠥᠯ ᠵᠦᠢᠯ᠎ᠤᠨ《ᠬᠥᠷᠥᠰᠥ ᠰᠢᠷᠣᠶ ᠵᠢ ᠥᠪᠥᠷ ᠮᠣᠩᠭᠣᠯ᠎ᠳᠤ ᠰᠢᠯᠵᠢᠭᠦᠯᠬᠦ》ᠵᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠣᠷᠣᠬᠤ》᠎ᠳᠤ ᠴᠢᠩᠭ᠎ᠠ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠸᠠᠩ ᠰᠢᠶᠠᠩ᠎ᠠᠴᠠ ᠰᠦᠨ ᠵᠢᠶᠦ᠋ᠨ ᠴᠢᠩ ᠨᠡᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠤᠨ ᠳᠠᠪᠠᠭᠤᠯᠢᠭ ᠪᠠ ᠡᠯᠪᠡᠭ ᠬᠡᠷᠡᠭᠯᠡᠭᠡᠨ᠎ᠤ ᠠᠬᠤᠶ ᠪᠠᠢ᠌ᠳᠠᠯ᠎ᠲᠠᠢ ᠶᠤᠮ᠂ ᠲᠣᠰ ᠲᠣᠰ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠲᠣᠮᠣ ᠳ᠋ᠠᠢ᠌ᠲ᠋ᠠ᠂ ᠠᠵᠤ ᠦᠢᠯᠡᠳᠪᠦᠷᠢ ᠵᠢᠨ ᠵᠥᠭᠡᠯᠡᠨ ᠲᠣᠨᠣᠭ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠥᠬᠡᠶ ᠨᠥᠭᠡᠴᠡ ᠡᠨᠧᠷᠭᠢ ᠵᠡᠷᠭᠡ ᠬᠦᠷᠢᠶᠡᠨ᠎ᠳᠠᠬᠢ ᠬᠠᠮᠲᠤᠷᠠᠭᠰᠠᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ᠂ ᠰᠢᠨ᠎ᠡ ᠵᠢ ᠡᠭᠦᠳᠬᠦ ᠬᠡᠯᠬᠢᠶ᠎ᠡ ᠪᠣᠯᠤᠨ ᠠᠵᠤ ᠦᠢᠯᠡᠰ᠎ᠤᠨ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ ᠰᠢᠨ᠎ᠡ ᠵᠢ ᠡᠭᠦᠳᠬᠦ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠢ ᠬᠠᠮᠲᠤ᠎ᠪᠠᠷ ᠠᠭᠤᠳᠠᠯᠵᠤ᠂ ᠨᠤᠷᠠᠭ᠋ᠠᠯᠲᠠ ᠵᠢᠨ ᠴᠢᠨᠠᠷᠲᠠᠶ ᠲᠥᠷᠥᠯ ᠵᠦᠢᠯ᠎ᠢ ᠪᠣᠳᠠᠲᠠᠢ᠌ᠵᠢᠭᠤᠯᠤᠨ ᠤᠯᠠᠷᠢᠭᠤᠯᠬᠤ ᠵᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ ᠭᠡᠪᠡ ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠵᠥᠩ ᠭᠤᠸᠠᠨ ᠼᠦᠨ ᠰᠢᠨᠵᠢᠯᠡᠬᠦ ᠤᠬᠠᠭ᠋ᠠᠨ᠎ᠤ ᠬᠣᠲᠠ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠪᠡᠭᠡᠵᠢᠩ ᠥᠪᠥᠷ ᠮᠣᠩᠭᠣᠯ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠪᠴᠢᠭᠦᠯᠦᠭᠦᠷ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠶ᠃