ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠪᠠ
ᠨᠡᠶ᠋ᠢᠲᠡᠯᠡᠭᠰᠡᠨ ᠴᠠᠭ᠄ 2024-04-15




   4 ᠳ᠋ᠦ᠍ᠭᠡᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠪᠤᠭᠤᠲᠤ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠵᠠᠩ ᠷᠦᠢ ᠨᠠᠷ᠎ᠲᠠᠢ ᠶᠠᠷᠢᠯᠴᠠᠵᠤ᠂ ᠬᠣᠶᠠᠷ ᠲᠠᠯ᠎ᠠ᠎ᠪᠠᠷ ᠵᠶ᠋ᠠᠨ ᠣᠷᠣᠨ ᠬᠣᠲᠠ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《  ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠲᠦᠷᠭᠡᠳᠬᠡᠨ ᠠᠬᠢᠭᠤᠯᠬᠤ ᠵᠢᠨ ᠲᠣᠭᠣᠷᠢᠨ᠎ᠳᠤ ᠭᠦᠨᠵᠡᠭᠡᠶ ᠵᠣᠯᠭ᠋ᠠᠯᠴᠠᠪᠠ᠃




    ᠰᠦᠨ ᠵᠢᠶᠦ᠋ᠨ ᠴᠢᠩ᠎ᠠᠴᠠ ᠪᠤᠭᠤᠲᠤ ᠬᠤᠳᠠ ᠵᠢᠨ ᠤᠢ᠍ᠢ᠍ᠷ᠎ᠠ ᠵᠢᠨ ᠵᠢᠯ᠎ᠤᠨ ᠲᠤᠷᠰᠢ ᠣᠷᠣᠨ ᠬᠤᠳᠠ ᠬᠣᠯᠪᠣᠭ᠋ᠠᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠤᠭ᠋ᠠᠳ ᠣᠯᠤᠭᠰᠠᠨ ᠠᠮᠵᠢᠯᠲᠠ ᠪᠦᠲᠦᠮᠵᠢ ᠵᠢ ᠭᠦᠢ᠍ᠴᠡᠳ ᠨᠤᠲᠠᠯᠠᠪᠠ᠃ ᠲᠡᠷᠡ᠂ ᠪᠤᠭᠤᠲᠤ ᠬᠣᠲᠠ ᠶᠠᠭ 《ᠬᠣᠶᠠᠷ ᠬᠣᠪᠣᠷ ᠰᠢᠷᠣᠶ ᠵᠢᠨ ᠰᠠᠭᠤᠷᠢᠨ》᠎ᠤ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠠᠢ᠌ᠬᠤ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠢᠳᠡᠪᠬᠢᠲᠡᠶ ᠲᠥᠯᠥᠪᠵᠢᠭᠦᠯᠦᠨ ᠬᠡᠷᠡᠭᠵᠢᠭᠦᠯᠵᠦ ᠪᠠᠢ᠌ᠨ᠎ᠠ᠃ ᠪᠤᠭᠤᠲᠤ ᠬᠣᠲᠠ ᠭᠣᠤᠯ ᠴᠣᠭᠴᠠ ᠵᠢᠨ ᠭᠣᠤᠯ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠨᠠᠭᠰᠢᠳᠠ ᠴᠢᠩᠭ᠋ᠠᠳᠬᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠰᠢᠯᠢᠳᠡᠭᠵᠢᠭᠦᠯᠬᠦ ᠡᠷᠴᠢᠮ ᠵᠶ᠋ᠡᠨ ᠴᠢᠨᠠᠭᠰᠢᠳᠠ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠭᠣᠤᠯᠳᠠᠯᠭ᠎ᠠ᠎ᠲᠠᠢ ᠡᠭᠦᠷᠭᠡ ᠵᠢᠨ ᠬᠤᠷᠳᠤᠴᠠ᠎ᠪᠠᠨ ᠲᠦᠷᠭᠡᠳᠬᠡᠨ ᠶᠠᠰᠤ ᠴᠢᠨᠠᠷ ᠵᠶ᠋ᠠᠨ ᠳᠡᠭᠡᠭᠰᠢᠯᠡᠭᠦᠯᠵᠦ ᠦᠷ᠎ᠡ ᠪᠦᠲᠦᠮᠵᠢ ᠤᠯᠬᠤ ᠵᠢ ᠪᠥᠬᠥ ᠬᠦᠴᠦᠨ ᠵᠶ᠋ᠡᠷ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠲᠢᠩᠬᠢᠮ ᠬᠣᠲᠠ ᠵᠢᠨ ᠵᠥᠪᠳᠡᠯᠴᠡᠬᠦ ᠲᠣᠭᠲᠠᠴᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠤᠭᠤᠲᠤ ᠬᠣᠲᠠ ᠵᠢᠨ ᠬᠠᠷᠢᠴᠠᠭᠤᠯᠤᠭᠰᠠᠨ ᠳᠠᠪᠠᠭᠤᠯᠢᠭ ᠵᠶ᠋ᠠᠨ ᠪᠠᠳᠠᠷᠠᠭᠤᠯᠵᠤ ᠰᠢᠨ᠎ᠡ ᠵᠢ ᠡᠭᠦᠳᠬᠦ ᠳᠠᠪᠠᠭᠤᠯᠢᠭ᠎ᠢ ᠳᠠᠪᠲᠠᠨ ᠪᠣᠯᠪᠠᠰᠤᠷᠠᠭᠤᠯᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠬᠣᠪᠣᠷ ᠰᠢᠷᠣᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠬᠦᠴᠦ᠎ᠪᠠᠨ ᠬᠠᠮᠲᠤᠳᠬᠠᠨ ᠠᠬᠢᠭᠤᠯᠤᠨ᠎ᠠ ᠭᠡᠵᠡᠢ᠃




    ᠵᠠᠩ ᠷᠦᠢ᠂ ᠪᠤᠭᠤᠲᠤ ᠬᠤᠳᠠ ᠰᠠᠨᠠᠭ᠋ᠠᠴᠢᠯᠠᠭ᠋ᠠᠲᠤ ᠤᠬᠠᠮᠰᠠᠷ᠂ ᠬᠣᠯᠪᠣᠭ᠋ᠠᠯᠠᠨ ᠬᠥᠳᠡᠯᠦᠯᠴᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠬᠣᠪᠣᠷ ᠰᠢᠷᠣᠢ ᠵᠢᠨ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠪᠣᠯᠤᠨ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠰᠢᠨ᠎ᠡ ᠤᠷᠤᠯᠳᠤᠭ᠋ᠠᠨ᠎ᠤ ᠵᠠᠮ᠎ᠳᠤ ᠣᠷᠣᠬᠤ ᠵᠢ ᠪᠦᠬᠦ ᠬᠦᠴᠦᠨ ᠵᠶ᠋ᠡᠷ ᠠᠬᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠦᠷᠢᠯᠳᠦᠭᠦᠯᠵᠦ᠂ ᠪᠦᠬᠦ ᠤᠯᠤᠰ᠎ᠤᠨ ᠬᠠᠮᠤᠭ᠎ᠤᠨ ᠶᠡᠬᠡ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠣᠯᠤᠨ ᠪᠦᠬᠦ ᠪᠥᠮᠪᠥᠷᠴᠡᠭ᠎ᠤᠨ ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ᠎ᠢ ᠪᠠᠢ᠌ᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ ᠭᠡᠵᠦ ᠢᠯᠡᠳᠬᠡᠪᠡ᠃
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠪᠤᠭᠤᠲᠤ ᠬᠣᠲᠠ ᠵᠢᠨ ᠪᠠᠢ᠌ᠩᠭᠤ ᠵᠢᠨ ᠳᠡᠳ᠋ ᠳᠠᠷᠤᠭ᠎ᠠ ᠯᠢᠦ ᠬᠠᠶ ᠴᠢᠤᠸᠠᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ   ᠲᠠᠰᠤᠭ᠂ ᠪᠤᠭᠤᠲᠤ ᠬᠣᠲᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠶᠠᠷᠢᠯᠴᠠᠬᠤ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠠᠢ ᠵᠣᠯᠭ᠋ᠠᠭᠤᠯᠤᠨ ᠰᠣᠯᠢᠯᠴᠠᠪᠠ
ᠥᠪᠥᠷ ᠮᠣᠩᠭᠣᠯ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠤᠨ ᠰᠢᠷᠢᠰ ᠠᠵᠢᠯᠯᠠᠭ᠎ᠠ ᠥᠷᠨᠢᠭᠦᠯᠵᠦ ᠪᠤᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
 
            