ᠰᠠᠢ᠌ᠨ ᠰᠠᠢ᠌ᠬᠠᠨ ᠬᠡᠪ ᠵᠠᠩᠰᠢᠯ᠎ᠢ ᠪᠤᠢ ᠪᠤᠯᠭ᠋ᠠᠬᠤ ᠵᠢᠨ ᠲᠥᠯᠥᠭᠡ ᠭᠠᠪᠢᠶ᠎ᠠ ᠵᠢ᠎ᠨᠢ ᠦᠵᠡᠵᠦ ᠱᠠᠩᠨᠠᠨ ᠬᠥᠬᠢᠭᠦᠯᠵᠦ᠂ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠥᠷ ᠮᠣᠩᠭᠣᠯ ᠦᠨᠡᠨ ᠪᠣᠳᠠᠲᠠᠢ᠎ᠪᠠᠷ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠳᠤᠮᠳᠠ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠭᠠᠪᠢᠶᠠᠲᠠᠨᠢ ᠵᠣᠭᠣᠰ ᠮᠥᠩᠭᠥ᠎ᠪᠠᠷ ᠱᠠᠩᠨᠠᠨ ᠬᠥᠬᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ ᠵᠢ ᠦᠨᠳᠦᠰᠦᠯᠡᠪᠡᠯ᠄ 2023 ᠣᠨ᠎ᠤ ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠭᠰᠠᠨ ᠲᠡᠷᠢᠭᠦᠨ᠎ᠤ ᠠᠢ᠌ᠮᠠᠭ ᠬᠣᠲᠠ ᠪᠠ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠲᠡᠷᠢᠭᠦᠨ᠎ᠤ ᠬᠠᠮᠲᠤ ᠬᠢᠭᠡᠳ ᠲᠡᠷᠢᠭᠦᠨ᠎ᠤ ᠬᠤᠪᠢ ᠬᠥᠮᠥᠨ᠎ᠢ ᠱᠠᠩᠨᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠪᠠᠢ᠌ᠷᠢᠯᠠᠭᠤᠯᠤᠯᠲᠠ ᠶᠣᠰᠣᠭ᠋ᠠᠷ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠬᠢᠨᠠᠨ ᠰᠢᠯᠭ᠋ᠠᠬᠤ ᠱᠠᠩᠨᠠᠯ᠎ᠤᠨ ᠪᠡᠯᠡ ᠮᠥᠩᠭᠥ ᠵᠢ 8143.2 ᠲᠦᠮᠡᠨ ᠲᠥᠭᠥᠷᠢᠭ ᠲᠣᠬᠢᠷᠠᠭᠤᠯᠪᠠ᠃
ᠡᠭᠦᠨ᠎ᠳᠤ᠂ ᠭᠦᠭᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠣᠲᠠ᠂ ᠬᠥᠯᠥᠨ ᠪᠤᠢ᠌ᠷ ᠬᠣᠲᠠ᠎ᠳᠤ 500 ᠲᠦᠮᠡ – 3000 ᠲᠦᠮᠡᠨ ᠲᠥᠭᠥᠷᠢᠭ᠎ᠤᠨ ᠠᠳᠠᠯᠢ ᠪᠤᠰᠤ ᠬᠡᠮᠵᠢᠶᠡᠨ᠎ᠤ ᠱᠠᠩᠨᠠᠯ ᠣᠯᠭᠣᠪᠠ; ᠭᠦᠭᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ ᠵᠡᠷᠭᠡ ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ 50 ᠲᠡᠷᠢᠭᠦᠨ᠎ᠤ ᠬᠠᠮᠲᠤ ᠵᠢ ᠬᠥᠬᠢᠭᠦᠯᠦᠨ ᠱᠠᠩᠨᠠᠪᠠ; ᠪᠦᠭᠦ ᠣᠷᠣᠨ᠎ᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ᠎ᠪᠠᠷ ᠲᠣᠪᠣᠢ᠌ᠮ᠎ᠠ 100 ᠨᠡᠷᠡᠰ ᠬᠤᠪᠢ ᠬᠥᠮᠥᠨ᠎ᠳᠤ 3000 – 6000 ᠲᠥᠭᠥᠷᠢᠭ᠎ᠤᠨ ᠠᠳᠠᠯᠢ ᠪᠤᠰᠤ ᠬᠡᠮᠵᠢᠶᠡᠨ᠎ᠤ ᠱᠠᠩᠨᠠᠯ ᠣᠯᠭᠣᠪᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠦ᠋ ᠵᠢᠶᠠᠨ᠂ ᠱᠠᠩᠨᠠᠨ᠎ᠠ ᠭᠡᠰᠡᠨ ᠠᠮᠠᠯᠠᠯᠲᠠ᠎ᠪᠠᠨ ᠪᠡᠶᠡᠯᠡᠭᠦᠯᠵᠦ᠂ ᠦᠨᠡᠨᠴᠢ ᠢᠲᠡᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠵᠤ ᠡᠯ᠎ᠡ ᠭᠠᠵᠠᠷ᠎ᠤᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠢᠳᠡᠪᠬᠢᠵᠢᠯ᠎ᠢ ᠳᠠᠢ᠌ᠴᠢᠯᠠᠵᠤ᠂ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠬᠥᠭᠵᠢᠭᠡᠬᠦ ᠵᠢ ᠵᠣᠷᠢᠭᠰᠠᠨ ᠶᠤᠮ ᠭᠡᠵᠦ ᠪᠠᠢ᠌ᠯ᠎ᠠ᠃
ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠲᠡᠷᠢᠭᠦᠨ᠎ᠤ ᠬᠤᠪᠢ ᠬᠥᠮᠥᠨ᠂ ᠭᠦᠭᠡᠬᠣᠲᠠ ᠵᠢᠨ ᠰᠢᠨ᠎ᠡ ᠬᠤᠳᠠ ᠲᠣᠭᠣᠷᠢᠭ᠎ᠤᠨ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠲᠣᠪᠴᠢᠶ᠎ᠠ ᠵᠢᠨ ᠳᠠᠷᠤᠭ᠎ᠠ ᠭᠤᠤ ᠰᠢᠨ ᠠᠷᠠᠯᠵᠢᠶᠠᠴᠢᠨ ᠤᠷᠢᠬᠤ ᠲᠤᠷᠰᠢᠯᠭ᠎ᠠ᠎ᠪᠠᠨ ᠲᠣᠪᠴᠢ ᠠᠪᠰᠠᠷᠬᠠᠨ ᠵᠢᠡᠷ ᠡᠢ᠌ᠨ ᠬᠦ᠌ ᠳ᠋ᠦᠩᠨᠡᠪᠡ᠄ 《ᠠᠵᠤ ᠦᠢ᠍ᠯᠡᠰ᠎ᠤᠨ ᠳᠠᠭ᠋ᠠᠭᠤᠯᠤᠭᠴᠢ ᠵᠢ ᠣᠷᠣᠭᠤᠯᠤᠨ᠂ ᠡᠬᠢᠨ᠎ᠤ ᠪᠠ ᠡᠴᠦᠰ᠎ᠤᠨ ᠬᠡᠯᠬᠢᠶ᠎ᠡ ᠵᠢ ᠰᠢᠯᠤᠭᠤᠳᠬᠠᠵᠤ᠂ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠯ᠎ᠡ ᠲᠠᠯ᠎ᠠ ᠵᠢᠨ᠎ᠬᠢᠨ ᠬᠥᠳᠡᠯᠦᠯᠴᠡᠵᠦ ᠲᠠᠢ᠌ᠴᠢᠯᠠᠨᠡ》᠃ ᠡᠨᠡ ᠲᠤᠷᠰᠢᠯᠭ᠎ᠠ᠎ᠪᠠᠷ ᠵᠶ᠋ᠠᠨ 2023 ᠣᠨ᠎ᠳᠤ ᠭᠤᠤ ᠰᠢᠨ ᠲᠡᠭᠦᠨ᠎ᠤ ᠠᠷᠠᠯᠵᠢᠶᠠᠴᠢᠨ ᠤᠷᠢᠬᠤ ᠪᠦᠯᠭᠦᠮ ᠵᠶ᠋ᠡᠨ ᠳᠠᠭ᠋ᠠᠭᠤᠯᠤᠨ ᠤᠯᠠᠨ ᠭᠠᠵᠠᠷ ᠵᠢᠡᠷ ᠶᠠᠪᠤᠵᠤ ᠦᠨᠡᠨᠴᠢ᠎ᠪᠠᠷ ᠠᠷᠠᠯᠵᠢᠶᠠᠴᠢᠨ ᠤᠷᠢᠵᠤ᠂ ᠢᠲᠡᠭᠡᠯ ᠵᠶ᠋ᠡᠷ ᠪᠡᠯᠡ ᠮᠥᠩᠭᠥ ᠣᠷᠣᠭᠤᠯᠤᠨ ᠠᠪᠴᠢᠷᠠᠵᠤ᠂ ᠪᠦᠭᠦ ᠵᠢᠯ᠎ᠳᠤ 158 ᠡᠳᠦᠷ ᠭᠠᠳᠠᠭᠰᠢ ᠭᠠᠷᠴᠤ᠂ ᠳ᠋ᠦᠩᠰᠢᠭᠤᠷ ᠲᠥᠭᠥᠷᠢᠭ᠎ᠠᠴᠠ ᠳᠠᠪᠠᠭᠰᠠᠨ ᠴᠢᠬᠤᠯᠠ ᠶᠡᠬᠡ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ 48 ᠣᠷᠣᠭᠤᠯᠤᠨ ᠠᠪᠴᠢᠷᠠᠵᠤ᠂ ᠵᠥᠪᠯᠡᠯᠴᠡᠭᠡᠷ᠎ᠤᠨ ᠪᠡᠯᠡ ᠣᠷᠣᠭᠤᠯᠤᠯᠲᠠ ᠵᠢᠨ ᠲᠣᠭ᠎ᠠ᠎ᠨᠢ 360.21 ᠳ᠋ᠦᠩᠰᠢᠭᠤᠷ ᠲᠥᠭᠥᠷᠢᠭ᠎ᠲᠤ ᠬᠦᠷᠴᠦ᠂ ᠣᠨ᠎ᠤ ᠡᠭᠦᠷᠭᠡ᠎ᠪᠠᠨ 120%᠎ᠪᠠᠷ ᠪᠡᠶᠡᠯᠡᠭᠦᠯᠵᠡᠢ᠃
ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠲᠡᠷᠢᠭᠦᠨ᠎ᠤ ᠬᠠᠮᠲᠤ – ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠠᠷᠠᠯᠵᠢᠶᠠᠴᠢᠨ ᠤᠷᠢᠬᠤ ᠠᠵᠢᠯᠲᠠᠨ ᠨᠢᠳᠤᠨᠤᠨ ᠪᠦᠭᠦ ᠤᠯᠤᠰ᠎ᠤᠨ ᠮᠢᠩᠭ᠋ᠠᠨ ᠴᠠᠭᠢᠯᠭ᠋ᠠᠨ ᠮᠠᠰᠢᠨ᠎ᠤ ᠠᠵᠤ ᠠᠬᠤᠢ᠌ᠯᠠᠯ ᠪᠠ ᠵᠠᠭᠤᠨ ᠰᠣᠷᠢᠨᠵᠢᠨ ᠮᠠᠲ᠋ᠧᠷᠢᠶᠠᠯ᠎ᠤᠨ ᠠᠵᠤ ᠠᠬᠤᠢ᠌ᠯᠠᠯ ᠵᠢᠡᠷ ᠬᠦᠷᠴᠦ ᠠᠷᠠᠯᠵᠢᠶᠠᠴᠢᠨ ᠤᠷᠢᠬᠤ ᠠᠵᠢᠯ᠎ᠢ ᠠᠳᠬᠤᠵᠠᠢ᠃ 105 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠰᠠᠨ ᠱᠤᠸᠠᠩ ᠯᠢᠶᠠᠩ ᠪᠦᠯᠦᠭᠯᠡᠯ᠎ᠤᠨ 50GW ᠵᠢᠨ ᠳᠠᠩ ᠲᠠᠯᠠᠰᠲᠤ ᠴᠠᠬᠢᠭᠤᠷ᠎ᠤᠨ ᠲᠠᠯᠠᠰᠲᠤ ᠵᠢᠨ ᠲᠥᠷᠦᠯ ᠵᠦᠢ᠍ᠯ᠎ᠨᠢ ᠲᠣᠰ ᠵᠢᠯ᠎ᠳᠡᠭᠡᠨ ᠠᠵᠢᠯ ᠡᠬᠢᠯᠡᠵᠦ᠂ ᠲᠣᠰ ᠵᠢᠯ᠎ᠳᠡᠭᠡᠨ ᠠᠰᠢᠭᠯᠠᠯᠲᠠ᠎ᠳᠤ ᠣᠷᠣᠪᠠ; 20 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ 《ᠰᠠᠯᠬᠢ ᠭᠡᠷᠡᠯ ᠤᠰᠤᠲᠥ᠋ᠷᠥᠭᠴᠢ ᠬᠠᠳᠠᠭ᠋ᠠᠯᠠᠬᠤ》 ᠳᠡᠭᠡᠳᠦ ᠲᠡᠰ᠎ᠤᠨ ᠲᠣᠨᠣᠭᠯᠠᠯ᠎ᠤᠨ ᠣᠶᠤᠨᠴᠢ ᠦᠢ᠍ᠯᠡᠳᠬᠦ ᠲᠦᠷᠦᠯ ᠵᠦᠢ᠍ᠯ ᠵᠡᠷᠭᠡ ᠨᠢᠭᠡ ᠪᠦᠯᠦᠭ ᠴᠢᠨᠠᠷ ᠰᠠᠢ᠌ᠲᠠᠢ ᠴᠢᠬᠤᠯᠠ ᠶᠡᠬᠡ ᠲᠦᠷᠦᠯ ᠵᠦᠢ᠍ᠯ᠎ᠢ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠲᠤ ᠭᠡᠷ᠎ᠡ ᠲᠣᠭᠲᠠᠵᠤ ᠨᠠᠢ᠌ᠳᠠᠪᠤᠷᠢᠵᠢᠭᠤᠯᠪᠠ᠃ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ ᠪᠦᠭᠦ ᠵᠢᠯ᠎ᠳᠤ 126 ᠲᠦᠷᠦᠯ ᠵᠦᠢ᠍ᠯ᠎ᠢ ᠭᠡᠷ᠎ᠡ ᠲᠣᠭᠲᠠᠨ ᠨᠠᠢ᠌ᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 453.6 ᠳ᠋ᠦᠩᠰᠢᠭᠤᠷ ᠲᠥᠭᠥᠷᠢᠭ᠎ᠲᠤ ᠬᠦᠷᠴᠡᠢ᠃
《ᠬᠥᠬᠢᠭᠦᠯᠦᠨ ᠱᠠᠩᠨᠠᠬᠤ᠎ᠨᠢ ᠵᠢᠳᠬᠦᠯ ᠭᠠᠷᠭ᠋ᠠᠭᠰᠠᠳ᠎ᠢ ᠨᠤᠲᠠᠯᠠᠵᠤ ᠪᠠᠢ᠌ᠬᠤ᠎ᠪᠠᠷ ᠪᠠᠷᠠᠬᠤ ᠦᠭᠡᠢ᠂ ᠨᠡᠩ ᠴᠤ᠌ ᠱᠠᠩᠨᠠᠯ ᠬᠦᠷᠲᠡᠭᠰᠡᠳ᠎ᠤᠨ ᠡᠷᠡᠯᠬᠡᠭᠯᠡᠨ ᠤᠷᠤᠭᠰᠢᠯᠠᠬᠤ ᠵᠢ ᠬᠥᠲᠥᠯᠥᠨ ᠵᠢᠯᠤᠭᠣᠳᠴᠤ ᠵᠣᠷᠢᠭᠵᠢᠭᠤᠯᠵᠤ ᠪᠣᠯᠣᠨ᠎ᠠ》᠂ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠪᠡᠯᠡ ᠣᠷᠣᠭᠤᠯᠤᠯᠲᠠ ᠵᠢ ᠠᠬᠢᠭᠤᠯᠬᠤ ᠲᠣᠪᠴᠢᠶ᠎ᠠ ᠵᠢᠨ ᠳᠡᠳ᠋ ᠳᠠᠷᠤᠭ᠎ᠠ ᠴᠧᠨ ᠹᠦ᠋ ᠼᠠᠢ᠂ ᠣᠳᠣᠬᠠᠨ᠎ᠳᠤ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ᠎ᠬᠢᠨ ᠨᠢᠭᠡᠨᠲᠡ ᠬᠣᠪᠣᠷ ᠰᠢᠷᠣᠢ ᠵᠢᠨ ᠲᠣᠭᠲᠠᠮᠠᠯ ᠰᠣᠷᠢᠨᠵᠢᠨ ᠴᠠᠭᠢᠯᠭ᠋ᠠᠨ ᠮᠠᠰᠢᠨ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠲᠠᠯᠠᠰᠲᠤ ᠴᠠᠬᠢᠭᠤᠷ᠎ᠤᠨ ᠭᠡᠷᠡᠯᠴᠢ ᠴᠡᠨᠡᠭ᠂ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ ᠵᠡᠷᠭᠡ 20 ᠠᠵᠤ ᠦᠢ᠍ᠯᠡᠰ᠎ᠤᠨ ᠠᠷᠠᠯᠵᠢᠶᠠᠴᠢᠨ ᠤᠷᠢᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠪᠦᠭᠦ ᠵᠢᠯ᠎ᠳᠤ ᠬᠣᠪᠣᠷ ᠰᠢᠷᠣᠢ ᠵᠢᠨ ᠲᠣᠭᠲᠠᠮᠠᠯ ᠰᠣᠷᠢᠨᠵᠢᠨ ᠴᠠᠭᠢᠯᠭ᠋ᠠᠨ ᠮᠠᠰᠢᠨ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠲᠥᠷᠥᠯ ᠵᠦᠢ᠍ᠯ᠎ᠢ 45᠎ᠠᠴᠠ ᠳᠡᠭᠡᠭᠰᠢ ᠣᠷᠣᠭᠤᠯᠤᠨ ᠠᠪᠴᠢᠷᠠᠬᠤ᠎ᠪᠠᠷ ᠴᠢᠷᠮᠠᠢ᠌ᠵᠤ ᠪᠠᠢ᠌ᠨ᠎ᠠ ᠭᠡᠵᠦ ᠲᠠᠨᠢᠯᠴᠠᠭᠤᠯᠵᠠᠢ᠃
ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠲᠡᠷᠢᠭᠦᠨ᠎ᠤ ᠬᠤᠪᠢ ᠬᠥᠮᠥᠨ᠂ ᠣᠷᠳᠣᠰ ᠬᠣᠲᠠ ᠵᠢᠨ ᠦᠦᠰᠢᠨ ᠬᠣᠰᠢᠭᠤᠨ᠎ᠤ ᠬᠣᠰᠢᠭᠤᠨ ᠳᠠᠷᠤᠭ᠎ᠠ ᠰᠢᠨ᠎ᠡ ᠠᠷᠠᠯᠵᠢᠶᠠᠴᠢᠨ ᠤᠷᠢᠬᠤ ᠪᠦᠯᠭᠦᠮ ᠵᠶ᠋ᠡᠨ ᠳᠠᠭ᠋ᠠᠭᠤᠯᠤᠨ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠵᠡᠷᠭᠡ 9 ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ᠂ ᠨᠢᠳᠤᠨᠤᠨ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠭᠠᠵᠠᠷ᠎ᠲᠤ ᠬᠦᠷᠴᠦ 24 ᠤᠳᠠᠭ᠎ᠠ ᠵᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠰᠢᠨ᠎ᠡ᠎ᠪᠠᠷ ᠭᠡᠷ᠎ᠡ ᠲᠣᠭᠲᠠᠭᠰᠠᠨ ᠴᠢᠬᠤᠯᠠ ᠶᠡᠬᠡ ᠲᠥᠷᠥᠯ ᠵᠦᠢ᠍ᠯ᠎ᠤᠨ ᠪᠡᠯᠡ ᠣᠷᠣᠭᠤᠯᠤᠯᠲᠠ 2400 ᠳ᠋ᠦᠩᠰᠢᠭᠤᠷ ᠲᠥᠭᠥᠷᠢᠭ᠎ᠢ ᠳᠠᠪᠠᠪᠠ᠃
《ᠪᠢᠳᠡ ᠢᠷᠠᠭᠤ ᠠᠯᠳᠠᠷ ᠵᠶ᠋ᠠᠨ ᠮᠠᠰᠢ ᠨᠠᠨᠳᠢᠩᠨᠠᠵᠤ᠂ ᠤᠷᠢᠳᠤᠬᠢ ᠵᠢ ᠵᠠᠯᠭ᠋ᠠᠮᠵᠢᠯᠠᠨ ᠬᠣᠢ᠌ᠰᠢᠬᠢ᠎ᠳᠤ ᠵᠠᠮ ᠨᠡᠭᠡᠭᠡᠵᠦ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠨ᠎ᠠ》᠃ ᠰᠢᠨ᠎ᠡ 2024 ᠣᠨ᠎ᠳᠤ ᠦᠦᠰᠢᠨ ᠬᠣᠰᠢᠭᠤ ᠦᠷᠭᠦᠯᠵᠢᠯᠡᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠠᠷᠠᠯᠵᠢᠶᠠᠴᠢᠨ ᠤᠷᠢᠵᠤ᠂ ᠪᠦᠭᠦ ᠵᠢᠯ᠎ᠤᠨ ᠣᠷᠣᠭᠤᠯᠤᠨ ᠠᠪᠴᠢᠷᠠᠭᠰᠠᠨ ᠪᠡᠯᠡ ᠮᠥᠩᠭᠥ ᠵᠢ ᠠᠳᠠᠯᠢ ᠬᠤᠭᠤᠴᠠᠭ᠋ᠠᠨ᠎ᠤ᠎ᠬᠢ᠎ᠠᠴᠠ 22%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠢ᠌ᠨ᠎ᠠ ᠭᠡᠵᠦ ᠱᠠᠩᠨᠠᠯ ᠣᠯᠣᠭᠰᠠᠨ᠎ᠳᠠᠭᠠᠨ ᠳᠣᠭᠳᠣᠯᠤᠨ ᠶᠠᠷᠢᠨ᠎ᠠ᠃
《ᠲᠠᠷᠠᠭ᠋ᠠᠴᠢ ᠵᠢᠨ ᠠᠯᠬᠤᠮ᠎ᠳᠤ᠂ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠲᠤᠬᠠᠢ ᠬᠢᠨᠠᠨ ᠰᠢᠯᠭ᠋ᠠᠵᠤ ᠱᠠᠩᠨᠠᠬᠤ ᠪᠡᠯᠡ ᠮᠥᠩᠭᠥ ᠵᠢᠨ ᠪᠠᠲᠤᠯᠠᠭ᠎ᠠ ᠵᠢᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠲᠡᠷᠢᠭᠦᠨ᠎ᠤ᠎ᠬᠢ ᠵᠢ ᠤᠷᠮᠠᠰᠢᠭᠤᠯᠬᠤ᠂ ᠥᠯᠢᠭᠡᠷ ᠳᠠᠭᠤᠷᠢᠶᠠᠯ ᠦᠵᠡᠭᠦᠯᠭᠦ᠎ᠪᠠᠷ ᠳᠠᠮᠵᠢᠨ᠂ ᠪᠦᠭᠦ ᠣᠷᠣᠨ᠎ᠤ ᠠᠵᠤ ᠠᠬᠤᠢ ᠵᠢᠨ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ᠎ᠳᠤ ᠨᠠᠩ ᠣᠯᠠᠨ ᠬᠦᠴᠦᠨ ᠨᠡᠮᠡᠷᠢᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠠᠵᠤ ᠠᠬᠤᠢ ᠠᠷᠠᠯᠵᠢᠶᠠᠨ᠎ᠤ ᠭᠠᠵᠠᠷ᠎ᠤᠨ ᠳᠠᠷᠤᠭ᠎ᠠ ᠲᠦᠩ ᠯᠢᠶᠠᠨ ᠳ᠋ᠢ ᠶᠠᠷᠢᠵᠤ ᠪᠠᠢ᠌ᠯ᠎ᠠ᠃