ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠤᠨ ᠰᠢᠷᠢᠰ ᠠᠵᠢᠯᠯᠠᠭ᠎ᠠ ᠥᠷᠨᠢᠭᠦᠯᠵᠦ ᠪᠤᠢ
ᠨᠡᠶ᠋ᠢᠲᠡᠯᠡᠭᠰᠡᠨ ᠴᠠᠭ᠄ 2024-04-15


    ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠰᠢᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠶᠢᠰᠦᠳᠡᠬᠢ ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ 4 ᠰᠠᠷ᠎ᠠ ᠵᠢᠨ 15᠎ᠤ ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ ᠬᠦᠷᠴᠦ ᠢᠷᠡᠬᠦ ᠲᠠᠰᠢᠷᠠᠮ᠎ᠳᠤ᠂ ᠪᠦᠭᠦ ᠣᠷᠣᠨ ᠵᠶ᠋ᠠᠷ ᠵᠶ᠋ᠠᠨ 《ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ᠂ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠤᠭᠰᠠᠨ 10 ᠵᠢᠯ᠎ᠤᠨ ᠤᠢ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠪᠠᠶᠠᠯᠢᠭ ᠠᠭᠤᠯᠭ᠎ᠠ᠎ᠲᠠᠢ ᠰᠢᠷᠢᠰ ᠠᠵᠢᠯᠯᠠᠭ᠎ᠠ ᠥᠷᠨᠢᠭᠦᠯᠵᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢᠨ ᠵᠢᠯᠣᠭᠣᠳᠤᠯᠭ᠎ᠠ ᠳᠣᠣᠷ᠎ᠠ ᠰᠢᠨ᠎ᠡ ᠴᠠᠭ ᠦᠶ᠎ᠡ ᠵᠢᠨ ᠤᠯᠤᠰ᠎ᠤᠨ ᠠᠮᠤᠷ ᠲᠦᠪᠰᠢᠨ᠎ᠤ ᠲᠠᠯ᠎ᠠ᠎ᠪᠠᠷ ᠣᠯᠣᠭᠰᠠᠨ ᠠᠮᠵᠢᠯᠲᠠ ᠪᠦᠲᠦᠮᠵᠢ ᠵᠢ ᠶᠡᠬᠡ᠎ᠪᠠᠷ ᠤᠬᠠᠭᠤᠯᠵᠤ᠂ ᠤᠯᠤᠰ᠎ᠤᠨ ᠠᠮᠤᠷ ᠲᠦᠪᠰᠢᠨ᠎ᠤ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠵᠤ᠂ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠬᠦᠴᠦᠯᠡᠨ ᠠᠬᠢᠭᠤᠯᠵᠤ ᠪᠤᠢ᠃
    ᠲᠣᠰ ᠤᠳᠠᠭ᠎ᠠ ᠵᠢᠨ ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠥᠷᠨᠢᠭᠦᠯᠵᠦ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠨ᠂ ᠤᠬᠠᠭᠤᠯᠭ᠎ᠠ ᠵᠢᠨ ᠠᠭᠤᠯᠭ᠎ᠠ ᠪᠠ ᠭᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠤᠬᠠᠭᠤᠯᠭ᠎ᠠ ᠵᠢᠨ ᠭᠢᠯᠠᠰ ᠴᠡᠭ᠎ᠢ ᠪᠤᠶ ᠪᠣᠯᠭ᠋ᠠᠵᠠᠢ᠃
     《ᠪᠢ ᠬᠡᠦᠬᠡᠳ ᠵᠶ᠋ᠡᠨ ᠳᠠᠭ᠋ᠠᠭᠤᠯᠤᠨ 〈ᠤᠯᠤᠰ᠎ᠤᠨ ᠠᠮᠤᠷ ᠲᠦᠪᠰᠢᠨ ᠨᠡᠷᠡᠮᠵᠢᠲᠦ〉 ᠭᠠᠵᠠᠷ ᠳᠣᠣᠷᠠᠬᠢ ᠭᠠᠯᠲᠤ ᠲᠡᠷᠭᠡᠨ᠎ᠳᠤ ᠰᠠᠭᠤᠪᠠ᠂ ᠬᠡᠦᠬᠡᠳ ᠮᠢᠨᠢ ᠨᠡᠩ ᠤᠯᠠᠨ ᠤᠯᠤᠰ᠎ᠤᠨ ᠠᠮᠤᠷ ᠲᠦᠪᠰᠢᠨ᠎ᠤ ᠮᠡᠳᠡᠯᠭᠡ ᠵᠢ ᠣᠢ᠌ᠯᠠᠭ᠋ᠠᠬᠤ ᠵᠢ ᠬᠦᠰᠡᠵᠦ ᠪᠠᠢ᠌ᠨ᠎ᠠ》 ᠭᠡᠵᠦ ᠭᠦᠭᠡᠬᠣᠲᠠ ᠵᠢᠨ ᠰᠠᠭᠤᠭ᠋ᠠᠯᠢ ᠠᠷᠠᠳ ᠯᠢ ᠠᠪᠠᠬᠠᠢ ᠬᠡᠯᠡᠪᠡ᠃ 4 ᠰᠠᠷ᠎ᠠ ᠵᠢᠨ 10᠎ᠤ ᠡᠳᠦᠷ᠂ ᠮᠠᠨ᠎ᠤ ᠣᠷᠣᠨ᠎ᠤ ᠠᠩᠬᠠᠳᠠᠭᠴᠢ 《ᠤᠯᠤᠰ᠎ᠤᠨ ᠠᠮᠤᠷ ᠲᠦᠪᠰᠢᠨ ᠨᠡᠷᠡᠮᠵᠢᠲᠦ》 ᠭᠣᠣᠯ ᠰᠡᠳᠦᠪᠲᠦ ᠭᠠᠵᠠᠷ ᠳᠣᠣᠷᠠᠬᠢ ᠭᠠᠯᠲᠤ ᠲᠡᠷᠭᠡ ᠭᠦᠭᠡᠬᠣᠲᠠ᠎ᠳᠤ ᠠᠶᠠᠨ ᠵᠶ᠋ᠡᠨ ᠡᠬᠢᠯᠡᠭᠦᠯᠪᠡ᠃ 《ᠤᠯᠤᠰ᠎ᠤᠨ ᠠᠮᠤᠷ ᠲᠦᠪᠰᠢᠨ ᠨᠡᠷᠡᠮᠵᠢᠲᠦ》 ᠲᠤᠰᠬᠠᠢ ᠭᠠᠵᠠᠷ ᠳᠣᠣᠷᠠᠬᠢ ᠭᠠᠯᠲᠤ ᠲᠡᠷᠭᠡ ᠵᠢ ᠨᠡᠪᠲᠡᠷᠡᠭᠦᠯᠦᠭᠰᠡᠨ᠎ᠨᠢ ᠮᠠᠨ᠎ᠤ ᠣᠷᠣᠨ᠎ᠤ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠴᠠᠭ ᠦᠶ᠎ᠡ ᠵᠢ ᠳᠠᠭ᠋ᠠᠵᠤ᠂ ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠢ ᠥᠷᠨᠢᠭᠦᠯᠦᠭᠰᠡᠨ ᠪᠠᠰᠠ ᠨᠢᠭᠡᠨ ᠠᠷᠭ᠎ᠠ ᠬᠢᠳᠡᠯ ᠪᠣᠯᠣᠨ᠎ᠠ᠃
    《ᠭᠠᠳᠠᠨ᠎ᠠ᠎ᠠᠴᠠ ᠢᠷᠡᠭᠰᠡᠨ ᠠᠮᠢᠳᠤ ᠪᠣᠳᠠᠰ᠎ᠤᠨ ᠲᠦᠷᠢᠯᠲᠡ ᠭᠡᠭᠴᠢ ᠶᠠᠭᠤ ᠪᠤᠯᠬᠤ ᠵᠢ ᠬᠡᠨ ᠮᠡᠳᠡᠬᠦ ᠪᠤᠶ?》 4 ᠰᠠᠷ᠎ᠠ ᠵᠢᠨ 10᠎ᠤ ᠡᠳᠦᠷ᠂ ᠰᠢᠯᠢᠩᠬᠣᠲᠠ ᠵᠢᠨ ᠭᠤᠷᠪᠠᠳᠤᠭ᠋ᠠᠷ ᠪᠠᠭ᠎ᠠ ᠰᠤᠷᠭ᠋ᠠᠭᠤᠯᠢ 《ᠤᠯᠤᠰ᠎ᠤᠨ ᠠᠮᠤᠷ ᠲᠦᠪᠰᠢᠨ᠎ᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠰᠡᠳᠬᠢᠯ ᠨᠢᠭᠡᠳᠦᠨ ᠬᠠᠮᠲᠤ᠎ᠪᠠᠷ ᠪᠦᠲᠦᠭᠡᠨ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠡᠭᠦᠨ ᠦᠵᠦᠮᠦᠴᠢᠨ ᠪᠣᠭᠣᠮᠲᠠ ᠵᠢᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠲᠠᠨ ᠤᠷᠭᠤᠮᠠᠯ᠎ᠢ ᠰᠢᠯᠭ᠋ᠠᠨ ᠪᠠᠢ᠌ᠴᠠᠭ᠋ᠠᠬᠤ ᠬᠢᠵᠢᠭ ᠪᠠᠢ᠌ᠴᠠᠭ᠋ᠠᠬᠤ ᠠᠵᠢᠯ᠎ᠢ ᠬᠠᠷᠢᠭᠤᠴᠠᠵᠤ ᠪᠠᠢ᠌ᠭ᠎ᠠ ᠠᠵᠢᠯᠲᠠᠨ ᠬᠡᠦᠬᠡᠳ᠎ᠤᠳ᠎ᠤᠨ ᠰᠡᠳᠬᠢᠯ᠎ᠳᠤ ᠤᠯᠤᠰ᠎ᠤᠨ ᠬᠢᠯᠢ᠎ᠳᠠᠬᠢ ᠠᠮᠢᠳᠤ ᠪᠣᠳᠠᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠮᠡᠳᠡᠯᠭᠡ ᠵᠢᠨ ᠦᠷ᠎ᠡ ᠵᠢ ᠰᠠᠴᠤᠪᠠ᠃
    ᠪᠦᠭᠦ ᠣᠷᠣᠨ᠎ᠤ ᠡᠯ᠎ᠡ ᠭᠠᠵᠠᠷ᠎ᠤᠨ᠎ᠬᠢᠨ ᠦᠵᠡᠬᠦ ᠰᠤᠨᠤᠰᠬᠤ ᠳᠤᠷᠠᠲᠠᠢ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠬᠦ᠎ᠪᠠᠷ ᠳᠠᠮᠵᠢᠨ᠂ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠪᠠᠢ᠌ᠭᠤᠯᠭ᠎ᠠ᠎ᠳᠤ ᠣᠷᠣᠭᠤᠯᠬᠤ᠂ ᠬᠥᠳᠡᠭᠡ ᠲᠣᠰᠬᠣᠨ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠴᠡᠷᠢᠭ᠎ᠤᠨ ᠬᠤᠸᠠᠷᠠᠨ᠎ᠳᠤ ᠣᠷᠣᠭᠤᠯᠬᠤ᠂ ᠰᠦᠯᠵᠢᠶᠡᠨ᠎ᠳᠤ ᠣᠷᠣᠭᠤᠯᠬᠤ ᠵᠢ ᠠᠬᠢᠭᠤᠯᠵᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠳᠠᠰᠤᠷᠠᠯᠳᠠ ᠦᠭᠡᠢ ᠭᠠᠷᠭ᠋ᠠᠪᠠ᠃
    ᠲᠠᠨᠢᠯᠴᠠᠭᠤᠯᠤᠭᠰᠠᠨ ᠵᠶ᠋ᠠᠷ᠂ 4 ᠰᠠᠷ᠎ᠠ ᠵᠢᠨ 15᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠠᠶ ᠵᠢᠨ ᠡᠭᠢᠯᠡᠯᠲᠡ ᠵᠢᠨ ᠶᠣᠰᠣᠯᠠᠯ ᠭᠦᠭᠡᠬᠣᠲᠠ᠎ᠳᠤ ᠶᠠᠪᠤᠭᠳᠠᠵᠤ᠂ ᠲᠤᠬᠠᠢ ᠵᠢᠨ ᠲᠠᠯᠠᠪᠠᠶ᠎ᠳᠤ ᠤᠯᠤᠰ᠎ᠤᠨ ᠠᠮᠤᠷ ᠲᠦᠪᠰᠢᠨ᠎ᠤ ᠭᠣᠣᠯ ᠰᠡᠳᠦᠪᠲᠦ ᠫᠷᠣᠭ᠌ᠷᠠᠮ᠎ᠤᠨ ᠦᠵᠡᠭᠦᠯᠭᠡ᠂ ᠭᠣᠣᠯ ᠰᠡᠳᠦᠪᠲᠦ ᠭᠡᠷᠡᠯ ᠵᠢᠷᠤᠭ᠎ᠤᠨ ᠦᠵᠡᠭᠦᠯᠭᠡ ᠵᠡᠷᠭᠡ ᠣᠯᠠᠨ ᠵᠦᠢ᠍ᠯ᠎ᠤᠨ ᠠᠵᠢᠯᠯᠠᠭ᠎ᠠ ᠵᠢ ᠥᠷᠨᠢᠭᠦᠯᠬᠦ ᠪᠣᠯᠣᠨ᠎ᠠ᠃ ᠡᠭᠦᠨ᠎ᠠᠴᠠ ᠭᠠᠳᠠᠨ᠎ᠠ᠂ ᠡᠯ᠎ᠡ ᠭᠠᠵᠠᠷ᠎ᠤᠨ᠎ᠬᠢᠨ ᠪᠠᠰᠠ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠵᠤ ᠣᠷᠣᠨ ᠨᠤᠲᠤᠭ᠎ᠤᠨ ᠣᠨᠴᠠᠯᠢᠭ᠎ᠲᠠᠢ ᠫᠷᠣᠭ᠌ᠷᠠᠮ᠎ᠢ ᠨᠠᠢ᠌ᠷᠠᠭᠤᠯᠤᠨ ᠵᠢᠭᠰᠠᠭ᠋ᠠᠵᠤ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ᠎ᠤᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ 《ᠤᠯᠤᠰ᠎ᠤᠨ ᠠᠮᠤᠷ ᠲᠦᠪᠰᠢᠨ ᠳᠡᠷᠭᠡᠳᠡ ᠴᠢᠨᠢ ᠪᠠᠢ᠌ᠨ᠎ᠠ》 ᠭᠡᠬᠦ ᠰᠢᠯᠢᠳᠡᠭ ᠫᠷᠣᠭ᠌ᠷᠠᠮ᠎ᠢ ᠲᠥᠯᠥᠪᠯᠡᠭᠡ᠎ᠲᠠᠢ᠂ ᠬᠠᠨᠳᠤᠯᠭ᠋ᠠᠲᠤ ᠴᠢᠨᠠᠷᠲᠠᠢ ᠳᠡᠯᠭᠡᠨ ᠦᠵᠡᠭᠦᠯᠵᠦ᠂ ᠪᠦᠭᠦ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ 《ᠤᠮᠠᠷᠠᠲᠤ ᠬᠢᠯᠢ᠎ᠳᠠᠬᠢ ᠤᠯᠤᠰ᠎ᠤᠨ ᠠᠮᠤᠷ ᠲᠦᠪᠰᠢᠨ》 ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠰᠢᠯᠢᠳᠡᠭ ᠪᠦᠲᠦᠭᠡᠯ᠎ᠢ ᠰᠢᠯᠭ᠋ᠠᠷᠠᠭᠤᠯᠬᠤ᠂ ᠭᠤᠷᠪᠠᠳᠤᠭ᠋ᠠᠷ ᠬᠤᠭᠤᠴᠠᠭ᠋ᠠᠨ᠎ᠤ 《ᠪᠢ ᠰᠢᠨ᠎ᠡ ᠴᠠᠭ ᠦᠶ᠎ᠡ ᠵᠢᠨ ᠤᠯᠤᠰ᠎ᠤᠨ ᠠᠮᠤᠷ ᠲᠦᠪᠰᠢᠨ᠎ᠲᠠᠢ ᠬᠠᠮᠲᠤ》 ᠭᠡᠬᠦ ᠭᠣᠣᠯ ᠰᠡᠳᠦᠪᠲᠦ ᠰᠢᠯᠦᠭ᠎ᠢ ᠰᠢᠯᠭ᠋ᠠᠷᠠᠭᠤᠯᠬᠤ ᠵᠡᠷᠭᠡ ᠢᠯᠡ ᠲᠣᠳᠣ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠤᠬᠠᠮᠰᠠᠷ᠎ᠢ ᠤᠯᠠᠮ ᠴᠢᠩᠭ᠋ᠠᠳᠬᠠᠵᠤ᠂ ᠪᠦᠭᠦ ᠠᠷᠠᠳ ᠵᠶ᠋ᠠᠷ ᠵᠶ᠋ᠠᠨ ᠠᠮᠤᠷ ᠲᠦᠪᠰᠢᠨ᠎ᠤ ᠬᠠᠯᠬᠠᠪᠴᠢ ᠵᠢ ᠬᠠᠮᠲᠤ᠎ᠪᠠᠷ ᠴᠣᠭᠴᠠᠯᠠᠬᠤ ᠥᠳᠬᠡᠨ ᠠᠭᠤᠷ ᠠᠮᠢᠰᠬᠤᠯ᠎ᠢ ᠪᠤᠶ ᠪᠣᠯᠭ᠋ᠠᠪᠠ᠃

 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠥᠷ ᠮᠣᠩᠭᠣᠯ 8143 ᠲᠦᠮᠡᠨ ᠲᠥᠭᠥᠷᠢᠭ ᠭᠠᠷᠭ᠋ᠠᠵᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠭᠠᠪᠢᠶᠠᠲᠠᠨ᠎ᠢ ᠱᠠᠩᠨᠠᠨ ᠬᠥᠬᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
 
            