ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠶᠠᠷᠢᠯᠴᠠᠬᠤ ᠬᠤᠷᠠᠯ ᠬᠢᠪᠠ
ᠨᠡᠶ᠋ᠢᠲᠡᠯᠡᠭᠰᠡᠨ ᠴᠠᠭ᠄ 2024-04-12



   4 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠡᠷ᠎ᠲᠠᠢ ᠶᠠᠷᠢᠯᠴᠠᠬᠤ ᠬᠤᠷᠠᠯ ᠬᠢᠵᠦ᠂ ᠬᠣᠶᠠᠷ ᠲᠠᠯ᠎ᠠ᠎ᠪᠠᠷ ᠵᠶ᠋ᠠᠨ ᠰᠠᠯᠠᠭ᠎ᠠ ᠮᠥᠴᠢᠷ᠎ᠤᠨ ᠬᠣᠯᠪᠣᠭ᠋ᠠᠯᠠᠨ ᠬᠥᠳᠡᠯᠦᠯᠴᠡᠵᠦ ᠨᠢᠭᠡᠳᠦᠯᠲᠡᠶ ᠲᠥᠯᠥᠪᠵᠢᠭᠦᠯᠬᠦ ᠵᠢ ᠴᠢᠩᠭ᠋ᠠᠳᠬᠠᠬᠤ᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠬᠠᠮᠲᠤ᠎ᠪᠠᠷ ᠠᠬᠢᠭᠤᠯᠬᠤ ᠲᠣᠭᠣᠷᠢᠨ᠎ᠳᠤ ᠭᠦᠨᠵᠡᠭᠡᠶ ᠵᠣᠯᠭ᠋ᠠᠭᠤᠯᠤᠨ ᠰᠣᠯᠢᠯᠴᠠᠪᠠ᠃



    ᠰᠦᠨ ᠵᠢᠶᠦ᠋ᠨ ᠴᠢᠩ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ 《ᠤᠯᠤᠰ᠎ᠤᠨ ᠶᠡᠬᠡ ᠶᠠᠪᠤᠳᠠᠯ》 ᠮᠥᠨ᠂ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ 《ᠪᠦᠰᠡᠯᠡᠯᠲᠡ ᠰᠢᠪᠲᠤᠯᠬᠤ》ᠤᠬᠠᠮᠰᠠᠷ ᠵᠶ᠋ᠠᠷ ᠠᠮᠢ ᠠᠬᠤᠢ ᠵᠢᠨ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠷᠢᠰᠢᠯ᠎ᠢ ᠭᠠᠷ ᠬᠣᠯᠪᠣᠨ ᠲᠠᠬᠢᠨ ᠴᠣᠭᠴᠠᠯᠠᠬᠤ ᠬᠡᠷᠡᠭᠲᠡᠢ᠃ ᠪᠦᠬᠦ ᠲᠠᠯ᠎ᠠ᠎ᠠᠴᠠ ᠪᠣᠳᠣᠯᠬᠢᠯᠠᠨ᠂ ᠰᠢᠰᠲ᠋ᠧᠮᠵᠢᠭᠰᠡᠨ ᠪᠠᠢ᠌ᠷᠢᠯᠠᠭᠤᠯᠤᠯᠲᠠ᠂ ᠣᠷᠣᠨ ᠪᠠᠢ᠌ᠷᠢ ᠵᠢᠨ ᠰᠢᠪᠲᠤᠯᠤᠯᠲᠠ ᠵᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ᠎ᠤᠨ ᠲᠠᠯ᠎ᠠ᠎ᠪᠠᠷ ᠬᠦᠴᠦ᠎ᠪᠠᠨ ᠬᠠᠮᠲᠤᠳᠬᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠬᠠᠷᠠᠯᠲᠠ ᠨᠢᠭᠡᠳᠦᠯᠲᠡᠶ ᠪᠠᠢ᠌ᠵᠤ᠂ ᠠᠵᠢᠯᠯᠠᠭ᠎ᠠ᠎ᠪᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠢᠭᠡᠳᠦᠯᠲᠡᠶ ᠠᠬᠢᠭᠤᠯᠬᠤ ᠬᠡᠷᠡᠭᠲᠡᠶ᠃ ᠬᠡᠷᠡᠭᠴᠡᠭᠡ᠎ᠪᠠᠷ ᠵᠢᠯᠣᠭᠣᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠡᠬᠡ ᠬᠠᠮᠵᠢᠯᠴᠠᠭ᠎ᠠ ᠪᠣᠯᠤᠨ ᠶᠡᠬᠡ ᠪᠣᠭᠣᠮᠲᠠ ᠰᠢᠪᠲᠤᠯᠬᠤ ᠲᠣᠭᠲᠠᠴᠠ ᠵᠢ ᠪᠠᠢ᠌ᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠰᠠᠭᠤᠳᠠᠯ᠎ᠢ ᠰᠠᠢ᠌ᠲᠤᠷ ᠰᠢᠢᠳᠪᠦᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠤᠨ ᠬᠡᠷᠡᠭᠯᠡᠬᠦ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃




    ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠤᠷᠳᠤ ᠬᠤᠭᠤᠴᠠᠭ᠋ᠠᠨ᠎ᠤ ᠲᠤᠷᠰᠢ ᠠᠮᠢ ᠠᠬᠤᠢ ᠣᠷᠴᠢᠨ ᠲᠣᠭᠣᠷᠢᠨ᠎ᠤ ᠠᠵᠢᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠪᠠ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠯᠦᠭᠡ ᠵᠢᠨ ᠲᠢᠩᠬᠢᠮ᠎ᠤᠨ ᠬᠣᠭᠣᠷᠣᠨᠳᠣᠬᠢ ᠰᠣᠯᠢᠯᠴᠠᠭ᠎ᠠ ᠬᠠᠮᠵᠢᠯᠴᠠᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ ᠵᠶ᠋ᠠᠷ ᠭᠠᠷᠳᠠᠴᠠ ᠪᠣᠯᠭ᠋ᠠᠵᠤ᠂ ᠴᠢᠨᠠᠷ ᠰᠠᠢ᠌ᠲᠠᠶ ᠰᠢᠨ᠎ᠡ ᠵᠢ ᠡᠭᠦᠳᠬᠦ ᠡᠬᠢ ᠪᠠᠶᠠᠯᠢᠭ᠎ᠢ ᠪᠦᠲᠦᠮᠵᠢᠲᠡᠶ ᠲᠥᠪᠯᠡᠷᠡᠭᠦᠯᠵᠦ᠂ ᠠᠮᠢ ᠠᠬᠤᠶ ᠵᠢ ᠰᠡᠷᠭᠦᠭᠡᠨ ᠬᠠᠮᠠᠭ᠋ᠠᠯᠠᠬᠤ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠡᠷᠭᠡ ᠬᠦᠷᠢᠶᠡᠨ᠎ᠳᠤ ᠣᠨᠢᠨ ᠳᠡᠭᠡᠷ᠎ᠡ᠎ᠨᠢ ᠬᠦᠴᠦᠯᠡᠵᠦ᠂ ᠭᠣᠤᠯᠳᠠᠯᠭ᠎ᠠ᠎ᠲᠠᠢ ᠰᠢᠪᠲᠤᠯᠤᠯᠲᠠ ᠬᠢᠵᠦ᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠭᠡᠵᠦ ᠢᠯᠡᠳᠬᠡᠪᠡ᠃
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠵᠢᠴᠢ ᠬᠣᠶᠠᠷ ᠲᠠᠯ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠠᠢ ᠵᠣᠯᠭ᠋ᠠᠭᠤᠯᠤᠨ ᠰᠣᠯᠢᠯᠴᠠᠪᠠ
ᠥᠪᠥᠷ ᠮᠣᠩᠭᠣᠯ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠤᠨ ᠰᠢᠷᠢᠰ ᠠᠵᠢᠯᠯᠠᠭ᠎ᠠ ᠥᠷᠨᠢᠭᠦᠯᠵᠦ ᠪᠤᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠥᠷ ᠮᠣᠩᠭᠣᠯ 8143 ᠲᠦᠮᠡᠨ ᠲᠥᠭᠥᠷᠢᠭ ᠭᠠᠷᠭ᠋ᠠᠵᠤ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠭᠰᠠᠨ ᠭᠠᠪᠢᠶᠠᠲᠠᠨ᠎ᠢ ᠱᠠᠩᠨᠠᠨ ᠬᠥᠬᠢᠭᠦᠯᠪᠡ
 
            