4 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠠ 《ᠪᠦᠭᠦ ᠨᠠᠮ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《ᠪᠦᠭᠦ ᠣᠷᠣᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠬᠢᠨᠠᠨ ᠵᠥᠪᠯᠡᠵᠦ᠂ ᠮᠠᠨ᠎ᠤ ᠣᠷᠣᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠰᠦᠨ ᠱᠤᠤ ᠴᠧᠩ ᠬᠤᠷᠠᠯ᠎ᠢ ᠡᠷᠭᠢᠯᠡᠪᠡ᠃
ᠬᠤᠷᠠᠯ᠎ᠠᠴᠠ᠂ ᠪᠦᠭᠦ ᠨᠠᠮ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠮᠥᠨ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠤᠯᠭ᠋ᠠᠵᠤ᠂ ᠰᠠᠬᠢᠯᠭ᠎ᠠ ᠪᠠᠲᠤ ᠵᠢ ᠰᠤᠷᠤᠯᠴᠠᠬᠤ᠎ᠠᠴᠠ ᠭᠠᠷᠳᠠᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠪᠣᠳᠠᠲᠠᠢ᠌ᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠤᠳᠤᠷᠢᠳᠬᠤ ᠪᠠᠭ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠎ᠠ ᠠᠳᠬᠤᠬᠤ ᠵᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠵᠢᠷᠤᠮᠯᠠᠬᠤ ᠤᠬᠠᠮᠰᠠᠷ ᠵᠶ᠋ᠠᠨ ᠴᠢᠩᠭ᠋ᠠᠳᠬᠠᠬᠤ ᠵᠢ ᠠᠬᠢᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠪᠠᠲᠤᠯᠠᠬᠤ ᠬᠡᠷᠡᠭᠲᠡᠢ ᠬᠢᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠣᠨᠣᠴᠠᠲᠠᠢ ᠬᠦᠴᠦᠯᠡᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠦᠨᠡᠨ ᠬᠦ᠌ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠲᠡᠭᠦᠨ᠎ᠤ ᠭᠣᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭ᠋ᠠᠯ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠵᠦ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ᠎ᠨᠢ ᠶᠠᠭᠤ ᠪᠤᠯᠬᠤ᠂ ᠶᠠᠭᠤ ᠵᠢ ᠬᠢᠵᠦ ᠪᠤᠯᠬᠤ᠂ ᠶᠠᠭᠤ ᠵᠢ ᠬᠢᠵᠦ ᠪᠤᠯᠬᠤ ᠦᠭᠡᠢ ᠭᠡᠳᠡᠭ᠎ᠢ ᠲᠣᠳᠣᠷᠬᠠᠢ ᠣᠢ᠌ᠯᠠᠭ᠋ᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠡᠭᠡᠨ ᠬᠠᠳᠠᠩᠰᠢᠭᠤᠯᠵᠤ᠂ ᠡᠳᠦᠷᠵᠢᠨ ᠬᠡᠷᠡᠭᠯᠡᠵᠦ ᠪᠠᠢ᠌ᠪᠠᠴᠤ ᠥᠯᠥ ᠠᠩᠵᠠᠭ᠋ᠠᠷᠠᠬᠤ ᠦᠭᠡ ᠶᠠᠷᠢᠶ᠎ᠠ ᠦᠢᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠨ ᠰᠢᠩᠭᠡᠭᠡᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠲᠠᠢ ᠤᠶᠠᠯᠳᠤᠭᠤᠯᠵᠤ᠂ ᠤᠯᠠᠨ ᠲᠦᠮᠡᠨ᠎ᠤ ᠲᠤᠰᠬᠠᠯ ᠶᠡᠬᠡᠲᠡᠢ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠤᠯᠠᠨ ᠲᠦᠮᠡᠨ᠎ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠵᠢ ᠦᠵᠡᠭᠦᠯᠭᠦ ᠬᠡᠷᠡᠭᠲᠡᠢ᠃ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭ᠋ᠠᠨ》 ᠪᠠᠢ᠌ᠬᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠪᠠᠭ᠎ᠠ ᠬᠡᠮᠡᠨ ᠮᠠᠭᠤ ᠶᠠᠪᠤᠳᠠᠯ ᠦᠢ᠍ᠯᠡᠳᠬᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢᠰᠠᠭᠢᠬᠤ ᠲᠠᠯ᠎ᠠ᠎ᠪᠠᠷ ᠥᠭᠡᠷᠡᠲᠦᠭᠦᠯᠦᠨ ᠬᠤᠪᠢᠷᠠᠭᠤᠯᠬᠤ᠂ ᠬᠢᠮᠳᠠᠷᠠᠭᠤᠯᠵᠤ ᠬᠥᠩᠭᠡᠪᠴᠢᠯᠡᠬᠦ᠂ ᠣᠪ ᠤᠬᠠᠭ᠋ᠠᠨ ᠬᠡᠷᠡᠭᠯᠡᠬᠦ ᠵᠡᠷᠭᠡ ᠶᠠᠪᠤᠳᠠᠯ᠎ᠢ ᠶᠠᠭ᠋ᠠᠬᠢᠭᠰᠠᠨ ᠴᠤ᠌ ᠭᠠᠷᠭ᠋ᠠᠬᠤ ᠦᠭᠡᠢ ᠪᠠᠢ᠌ᠬᠤ ᠵᠢ ᠬᠥᠮᠥᠵᠢᠭᠦᠯᠦᠨ ᠬᠥᠲᠥᠯᠥᠨ ᠵᠢᠯᠤᠭᠣᠳᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠤᠳᠤᠷᠢᠳᠬᠤ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠷᠢᠨ ᠨᠢᠭᠲᠠ ᠲᠣᠬᠢᠷᠠᠭᠤᠯᠤᠨ ᠪᠠᠢ᠌ᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠠᠮ᠎ᠤᠨ ᠭᠡᠰᠢᠭᠦᠨ ᠺᠠᠳ᠋ᠷ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠬᠤ᠂ ᠪᠠᠢ᠌ᠩᠭᠤ ᠠᠳᠬᠤᠬᠤ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠱᠠᠲᠤ ᠱᠠᠲᠤ᠎ᠪᠠᠷ ᠡᠭᠦᠷᠭᠡ ᠱᠠᠭ᠋ᠠᠷᠳᠠᠯᠭ᠎ᠠ ᠨᠡᠮᠡᠬᠦ ᠵᠢ ᠰᠡᠷᠭᠡᠢ᠌ᠯᠡᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ᠌ᠯᠠᠬᠤ᠂ ᠰᠠᠬᠢᠯᠭ᠎ᠠ ᠪᠠᠲᠤ ᠵᠢ ᠰᠠᠬᠢᠬᠤ ᠥᠳᠬᠡᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠵᠢᠨ ᠵᠶ᠋ᠡᠨ ᠭᠣᠣᠯᠳᠠᠯᠭ᠎ᠠ᠎ᠲᠠᠢ ᠠᠵᠢᠯ᠎ᠢ ᠪᠡᠶᠡᠯᠡᠭᠦᠯᠬᠦ᠎ᠲᠠᠢ ᠤᠶᠠᠯᠳᠤᠭᠤᠯᠵᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠬᠣᠶᠠᠷ ᠲᠠᠯ᠎ᠠ ᠵᠢ ᠵᠡᠷᠭᠡ᠎ᠪᠠᠷ ᠠᠳᠬᠤᠵᠤ᠂ ᠬᠣᠶᠠᠷ ᠲᠠᠯ᠎ᠠ ᠵᠢ ᠵᠡᠷᠭᠡ᠎ᠪᠡᠷ ᠠᠬᠢᠭᠤᠯᠬᠤ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃