ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠭᠦ ᠣᠷᠣᠨ᠎ᠤ ᠬᠠᠤᠯᠢ ᠴᠠᠭ᠋ᠠᠵᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠴᠢ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠬᠤᠢ ᠲᠠᠯᠠᠪᠠᠢ ᠵᠢᠨ ᠬᠤᠷᠠᠯ ᠬᠤᠷᠠᠯᠳᠤᠵᠠᠢ ᠵᠧᠩ ᠭᠤᠸᠠᠩ ᠵᠤᠤ ᠶᠠᠷᠢᠶ᠎ᠠ ᠲᠠᠯᠪᠢᠵᠤ ᠯᠢ ᠶᠦᠩ ᠵᠢᠶᠦ᠋ᠨ ᠬᠤᠷᠠᠯ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2024-04-16


   4 ᠰᠠᠷ᠎ᠠ ᠵᠢᠨ 15᠎ᠤ ᠡᠳᠦᠷ᠂ ᠪᠦᠭᠦ ᠣᠷᠣᠨ᠎ᠤ ᠬᠠᠤᠯᠢ ᠴᠠᠭ᠋ᠠᠵᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠴᠢ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠬᠤᠢ ᠲᠠᠯᠠᠪᠠᠢ ᠵᠢᠨ ᠬᠤᠷᠠᠯ ᠪᠤᠭᠤᠲᠤ ᠬᠤᠳᠠ᠎ᠳᠤ ᠬᠤᠷᠠᠯᠳᠤᠵᠠᠢ᠃
    ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠣᠷᠣᠯᠴᠠᠵᠠᠢ᠃
    ᠵᠧᠩ ᠭᠤᠸᠠᠩ ᠵᠤᠤ ᠠᠬᠢᠭᠤᠯᠬᠤ ᠬᠤᠷᠠᠯ ᠳᠡᠭᠡᠷ᠎ᠡ᠂ ᠡᠯ᠎ᠡ ᠱᠠᠲᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠨᠤᠭᠤᠳ ᠬᠠᠤᠯᠢ ᠴᠠᠭ᠋ᠠᠵᠠ ᠵᠢᠨ ᠢᠲᠡᠭᠡᠭᠦᠯᠬᠦ ᠬᠦᠴᠦᠨ ᠵᠢᠡᠨ ᠲᠡᠭᠡᠭᠰᠢᠯᠡᠭᠦᠯᠭᠦ᠎ᠪᠠᠷ ᠭᠠᠷᠳᠠᠴᠠ ᠪᠣᠯᠭ᠋ᠠᠨ᠂ 9 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠣᠳᠠᠲᠠᠢ ᠬᠢᠬᠦ ᠵᠢ ᠭᠦᠨᠵᠡᠭᠡᠢ᠌ᠷᠡᠭᠦᠯᠦᠨ ᠠᠬᠢᠭᠤᠯᠵᠤ᠂ ᠲᠣᠭᠲᠠᠭᠤᠨ ᠭᠤᠤᠯᠴᠢ ᠢᠯᠡ᠂ ᠵᠢᠱ᠌ᠢᠵᠦ ᠪᠤᠯᠬᠤ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠦᠷᠭᠦᠯᠵᠢᠯᠡᠨ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ   ᠶᠡᠬᠡ ᠶᠠᠪᠤᠳᠠᠯ᠎ᠢ ᠰᠠᠢ᠌ᠲᠤᠷ ᠬᠢᠬᠦ᠂   ᠡᠷᠡᠯᠬᠡᠭᠯᠡᠨ ᠴᠢᠷᠮᠠᠢ᠌ᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠬᠤᠷᠠᠯ ᠳᠡᠭᠡᠷ᠎ᠡ᠂ ᠭᠦᠭᠡᠬᠤᠳᠠ ᠪᠤᠭᠤᠲᠤ ᠣᠷᠳᠣᠰ ᠦᠬᠠᠢ ᠵᠢᠨ ᠬᠠᠤᠯᠢ ᠴᠠᠭ᠋ᠠᠵᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠨ ᠬᠤᠯᠪᠤᠭ᠎ᠠ᠎ᠳᠤ ᠫᠠᠢ᠌ᠰᠠ ᠣᠯᠭᠣᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠵᠢᠶᠠᠩᠰᠤ ᠮᠤᠵᠢ ᠵᠢᠨ ᠵᠠᠰᠠᠭ᠎ᠤᠨ ᠣᠷᠳᠣᠨ ᠡᠨᠧᠷᠭᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ ᠬᠤᠸᠠᠩ ᡁᠢ ᠴᠢᠶᠠᠩ ᠮᠠ ᠰᠢᠨ᠎ᠲᠠᠢ ᠠᠭᠤᠯᠵᠠᠪᠠ
ᠪᠦᠬᠦ ᠣᠷᠣᠨ᠎ᠤ ᠠᠵᠢᠯ ᠣᠯᠭᠣᠯᠲᠠ ᠵᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠦᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠲᠤᠰᠬᠠᠢ ᠵᠠᠰᠠᠯᠲᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠥᠪᠥᠷ ᠮᠣᠩᠭᠣᠯ᠎ᠤᠨ 86 ᠵᠦᠢ᠍ᠯ᠎ᠤᠨ ᠴᠢᠬᠤᠯᠠ ᠶᠡᠬᠡ ᠲᠥᠰᠥᠯ᠎ᠤᠨ 54᠎ᠨᠢ ᠠᠵᠢᠯ ᠡᠬᠢᠯᠡᠪᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭ᠋ᠠᠨᠬᠠᠳᠠ᠎ᠳᠤ ᠶᠠᠪᠤᠭᠳᠠᠪᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
 
            