ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2024-04-17

 
   4 ᠳ᠋ᠦ᠍ᠭᠡᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ 9 ᠳ᠋ᠦ᠍ᠭᠡᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ 《ᠪᠥᠬᠥ ᠨᠠᠮ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠮᠡᠳᠡᠭᠳᠡᠯ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠥᠬᠥ ᠣᠷᠣᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》᠎ᠢ ᠤᠯᠠᠮᠵᠢᠯᠠᠨ ᠰᠤᠷᠤᠯᠴᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃



    ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠪᠠᠢ᠌ᠷᠢᠯᠠᠭᠤᠯᠤᠯᠲᠠ ᠮᠥᠨ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠢ᠎ᠡ ᠮᠥᠨ᠃ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭ᠋ᠠᠷᠳᠠᠯᠭ᠎ᠠ ᠪᠣᠯᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠡᠷᠡᠭᠵᠢᠭᠦᠯᠬᠦ ᠲᠥᠰᠦᠯ ᠶᠤᠰᠤ᠎ᠪᠠᠷ᠂ ᠭᠣᠤᠯᠳᠠᠯᠭ᠎ᠠ᠎ᠲᠠᠢ ᠡᠭᠦᠷᠭᠡ ᠠᠷᠭ᠎ᠠ ᠬᠡᠮᠵᠢᠶ᠎ᠡ ᠵᠢ ᠭᠦᠨᠵᠡᠭᠡᠶ ᠠᠬᠢᠭᠤᠯᠤᠨ ᠪᠣᠳᠠᠲᠠᠢ᠌ᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠦᠴᠦᠲᠡᠶ ᠪᠥᠭᠡᠳ ᠪᠦᠲᠦᠮᠵᠢᠲᠡᠶ᠂ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠦᠨᠡᠨ ᠬᠦ᠌ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠠᠢ᠌ᠩᠭᠤ ᠠᠳᠬᠤᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠨᠠᠮ᠎ᠤᠨ ᠰᠠᠬᠢᠯᠭ᠎ᠠ ᠪᠠᠲᠤ ᠶᠣᠰᠣ ᠲᠦᠷᠢᠮ᠎ᠨᠢ ᠶᠠᠭᠤ ᠪᠣᠯᠬᠤ᠂ ᠶᠠᠭᠤ ᠬᠢᠵᠦ ᠳᠡᠢ᠌ᠯᠬᠦ᠂ ᠶᠠᠭᠤ ᠬᠢᠵᠦ ᠦᠯᠦ ᠪᠣᠯᠬᠤ ᠵᠢ ᠲᠣᠳᠣᠷᠬᠠᠢ ᠣᠢ᠌ᠯᠠᠭ᠋ᠠᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠵᠢ ᠰᠠᠢ᠌ᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠦᠨᠡᠨ ᠬᠦ᠌《ᠬᠣᠶᠠᠷ ᠶᠡᠬᠡ ᠶᠠᠪᠤᠳᠠᠯ》᠎ᠢ ᠰᠠᠢ᠌ᠲᠤᠷ ᠪᠡᠶᠡᠯᠡᠭᠦᠯᠬᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》ᠠᠵᠢᠯᠯᠠᠭ᠎ᠠ ᠵᠢ ᠭᠦᠨᠵᠡᠭᠡᠢ᠌ᠷᠡᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ ᠬᠢᠬᠦ》ᠢᠨᠵᠧᠨᠧᠷᠢᠩ᠎ᠢ ᠪᠥᠬᠥ ᠬᠦᠴᠦᠨ ᠵᠶ᠋ᠡᠷ ᠵᠶ᠋ᠡᠨ ᠬᠡᠷᠡᠭᠵᠢᠭᠦᠯᠬᠦ ᠵᠡᠷᠭᠡ ᠭᠣᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠴᠢᠬᠤᠯᠠᠴᠢᠯᠠᠪᠠ᠃
    ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠬᠠᠤᠯᠢ ᠴᠠᠭ᠋ᠠᠵᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠴᠢ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠬᠤᠢ ᠲᠠᠯᠠᠪᠠᠢ ᠵᠢᠨ ᠬᠤᠷᠠᠯ ᠬᠤᠷᠠᠯᠳᠤᠵᠠᠢ ᠵᠧᠩ ᠭᠤᠸᠠᠩ ᠵᠤᠤ ᠶᠠᠷᠢᠶ᠎ᠠ ᠲᠠᠯᠪᠢᠵᠤ ᠯᠢ ᠶᠦᠩ ᠵᠢᠶᠦ᠋ᠨ ᠬᠤᠷᠠᠯ᠎ᠳᠤ ᠣᠷᠣᠯᠴᠠᠵᠠᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠵᠢᠶᠠᠩᠰᠤ ᠮᠤᠵᠢ ᠵᠢᠨ ᠵᠠᠰᠠᠭ᠎ᠤᠨ ᠣᠷᠳᠣᠨ ᠡᠨᠧᠷᠭᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ ᠬᠤᠸᠠᠩ ᡁᠢ ᠴᠢᠶᠠᠩ ᠮᠠ ᠰᠢᠨ᠎ᠲᠠᠢ ᠠᠭᠤᠯᠵᠠᠪᠠ
 
            