ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠵᠢᠶᠠᠩᠰᠤ ᠮᠤᠵᠢ ᠵᠢᠨ ᠵᠠᠰᠠᠭ᠎ᠤᠨ ᠣᠷᠳᠣᠨ ᠡᠨᠧᠷᠭᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ ᠬᠤᠸᠠᠩ ᡁᠢ ᠴᠢᠶᠠᠩ ᠮᠠ ᠰᠢᠨ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-04-17


    4 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠭᠦᠭᠡᠬᠣᠲᠠ᠎ᠳᠤ ᠵᠢᠶᠠᠩᠰᠤ ᠮᠤᠵᠢ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠮᠤᠵᠢ ᠵᠢᠨ ᠪᠠᠢ᠌ᠩᠭᠤ ᠵᠢᠨ ᠳᠡᠳ᠋ ᠳᠠᠷᠤᠭ᠎ᠠ ᠮᠠ ᠰᠢᠨ᠎ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠢ ᠲᠥᠯᠥᠭᠡᠯᠡᠨ ᠵᠢᠶᠠᠩᠰᠤ ᠮᠤᠵᠢ ᠵᠢᠨ ᠵᠠᠰᠠᠭ᠎ᠤᠨ ᠣᠷᠳᠣᠨ᠎ᠲᠠᠢ ᠡᠨᠧᠷᠭᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ᠃
    ᠬᠤᠸᠠᠩ ᡁᠢ ᠴᠢᠶᠠᠩ᠂ ᠥᠪᠥᠷ ᠮᠣᠩᠭᠣᠯ ᠬᠢᠭᠡᠳ ᠵᠢᠶᠠᠩᠰᠤ ᠮᠤᠵᠢ ᠰᠢᠨ᠎ᠡ ᠡᠨᠧᠷᠭᠢ᠂ ᠲᠣᠨᠣᠭᠯᠠᠯ ᠦᠢ᠍ᠯᠡᠳᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠬᠦᠷᠢᠶᠡᠨ᠎ᠳᠤ ᠥᠷᠭᠡᠨ ᠠᠭᠤᠳᠠᠮ ᠬᠠᠮᠲᠤᠷᠠᠯᠴᠠᠭ᠋ᠠᠨ᠎ᠤ ᠣᠷᠣᠨ ᠵᠠᠢ᠎ᠲᠠᠢ ᠶᠤᠮ᠃   ᠬᠣᠶᠠᠷ ᠲᠠᠯ᠎ᠠ᠎ᠪᠠᠷ ᠵᠶ᠋ᠠᠨ ᠭᠡᠷ᠎ᠡ ᠲᠣᠭᠲᠠᠬᠤ᠎ᠪᠠᠷ ᠠᠵᠠ ᠲᠣᠭᠢᠶᠠᠯ ᠪᠤᠯᠭ᠋ᠠᠵᠤ᠂ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠰᠢᠩᠭᠡᠬᠡᠨ ᠠᠪᠬᠤ ᠵᠢ ᠬᠠᠮᠲᠤ᠎ᠪᠠᠷ ᠠᠬᠢᠭᠤᠯᠵᠤ᠂ ᠣᠷᠣᠨ ᠪᠦᠰᠡ ᠠᠯᠤᠰᠯᠠᠭᠰᠠᠨ ᠲᠣᠨᠣᠭᠯᠠᠯ᠎ᠤᠨ ᠠᠵᠤ ᠦᠢ᠍ᠯᠡᠰ᠎ᠤᠨ ᠰᠢᠰᠲᠸᠮ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠪᠡᠯᠡ ᠣᠷᠣᠭᠤᠯᠵᠤ ᠦᠢ᠍ᠯᠡᠰ ᠪᠣᠰᠬᠠᠬᠤ᠎ᠳᠤ ᠰᠢᠯᠢᠳᠡᠭ ᠣᠷᠴᠢᠨ ᠲᠣᠭᠣᠷᠢᠨ᠎ᠢ ᠡᠭᠦᠳᠬᠦ ᠵᠢ ᠬᠦᠰᠡᠵᠦ ᠪᠠᠢ᠌ᠨ᠎ᠠ ᠭᠡᠪᠡ᠃ ᠮᠠ ᠰᠢᠨ᠂ ᠬᠣᠶᠠᠷ ᠮᠤᠵᠢ ᠣᠷᠣᠨ᠎ᠤ ᠬᠠᠮᠲᠤᠷᠠᠯᠴᠠᠭ᠎ᠠ᠎ᠨᠢ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠵᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠵᠦ᠂   ᠵᠢᠶᠠᠩᠰᠤ ᠮᠤᠵᠢ ᠵᠢᠨ᠎ᠬᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠢ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠡᠯᠡ ᠣᠷᠣᠭᠤᠯᠤᠯᠲᠠ ᠵᠢᠨ ᠣᠷᠣᠨ ᠪᠦᠰᠡ ᠪᠤᠯᠭ᠋ᠠᠬᠤ ᠵᠢ ᠳᠡᠮᠵᠢᠨ᠎ᠠ ᠭᠡᠪᠡ᠃
      ᠵᠥᠪᠯᠡᠯᠴᠡᠭᠡᠷ᠎ᠢ ᠦᠨᠳᠦᠰᠦᠯᠡᠪᠡᠯ᠂ ᠥᠪᠥᠷ ᠮᠣᠩᠭᠣᠯ ᠬᠢᠭᠡᠳ ᠵᠢᠶᠠᠩᠰᠤ ᠰᠢᠨ᠎ᠡ ᠡᠨᠧᠷᠭᠢ ᠵᠢᠨ ᠲᠣᠮᠣ ᠰᠠᠭᠤᠷᠢᠨ ᠪᠣᠯᠣᠨ ᠭᠠᠳᠠᠭᠰᠢ ᠬᠦᠷᠭᠡᠬᠦ ᠨᠡᠪᠳᠡᠷᠡᠯ ᠵᠠᠮ᠎ᠤᠨ ᠪᠦᠲᠦᠭᠡᠨ ᠪᠠᠢ᠌ᠭᠤᠯᠤᠯᠲᠠ᠂ ᠰᠠᠯᠬᠢ ᠭᠡᠷᠡᠯ ᠤᠰᠤᠲᠥ᠋ᠷᠥᠭᠴᠢ ᠬᠠᠳᠠᠭ᠋ᠠᠯᠠᠬᠤ ᠲᠣᠨᠣᠭᠯᠠᠯ ᠦᠢ᠍ᠯᠡᠳᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ ᠵᠡᠷᠭᠡ ᠬᠦᠷᠢᠶᠡᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠵᠢᠯ ᠣᠯᠭᠣᠯᠲᠠ ᠵᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠦᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠲᠤᠰᠬᠠᠢ ᠵᠠᠰᠠᠯᠲᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠥᠪᠥᠷ ᠮᠣᠩᠭᠣᠯ᠎ᠤᠨ 86 ᠵᠦᠢ᠍ᠯ᠎ᠤᠨ ᠴᠢᠬᠤᠯᠠ ᠶᠡᠬᠡ ᠲᠥᠰᠥᠯ᠎ᠤᠨ 54᠎ᠨᠢ ᠠᠵᠢᠯ ᠡᠬᠢᠯᠡᠪᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭ᠋ᠠᠨᠬᠠᠳᠠ᠎ᠳᠤ ᠶᠠᠪᠤᠭᠳᠠᠪᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
 
            