ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠣᠷᠣᠨ᠎ᠤ ᠠᠵᠢᠯ ᠣᠯᠭᠣᠯᠲᠠ ᠵᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠦᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠲᠤᠰᠬᠠᠢ ᠵᠠᠰᠠᠯᠲᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-04-17


    4 ᠳ᠋ᠦ᠍ᠭᠡᠷ ᠰᠠᠷ᠎ᠠ ᠵᠢᠨ 16᠎ᠤ ᠡᠳᠦᠷ᠂ ᠪᠥᠬᠥ ᠣᠷᠣᠨ᠎ᠤ ᠠᠵᠢᠯ ᠣᠯᠭᠣᠯᠲᠠ ᠵᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠲᠤᠰᠬᠠᠢ ᠵᠠᠰᠠᠯᠲᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠷᠠᠯ᠎ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ᠂ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ᠂ ᠠᠵᠢᠯ ᠣᠯᠭᠣᠯᠲᠠ ᠵᠢᠨ ᠬᠡᠷᠡᠭᠴᠡᠭᠡ ᠪᠠ ᠭᠣᠣᠯᠳᠠᠯᠭ᠎ᠠ᠎ᠲᠠᠢ ᠬᠦᠮᠦᠰ᠎ᠢ ᠴᠢᠩᠭ᠎ᠠ ᠠᠩᠬᠠᠷᠴᠤ᠂ ᠬᠠᠷᠢᠭᠤᠴᠠᠯᠭ᠎ᠠ᠎ᠪᠠᠨ ᠤᠯᠠᠮ ᠪᠣᠳᠠᠲᠠᠢ᠌ᠵᠢᠭᠤᠯᠵᠤ᠂ ᠡᠯ᠎ᠡ ᠲᠠᠯ᠎ᠠ ᠵᠢᠨ᠎ᠬᠢᠨ᠎ᠤ ᠬᠦᠴᠦ ᠵᠢ ᠬᠠᠮᠲᠤᠳᠬᠠᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ᠂ ᠤᠯᠠᠨ ᠠᠷᠭ᠎ᠠ ᠵᠠᠮ ᠵᠶ᠋ᠠᠷ ᠠᠵᠢᠯ ᠣᠯᠭᠣᠯᠲᠠ ᠵᠢᠨ ᠠᠵᠠ ᠲᠣᠬᠢᠶᠠᠯ᠎ᠢ ᠨᠡᠮᠡᠭᠳᠡᠭᠦᠯᠵᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠪᠦᠬᠦ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠠᠵᠢᠯ ᠣᠯᠭᠣᠯᠲᠠ ᠵᠢᠨ ᠬᠣᠷᠢᠭ᠎ᠠ ᠱᠤᠭᠤᠮ᠎ᠢ ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠵᠢ ᠡᠬᠢ ᠡᠭᠦᠰᠦᠯ᠎ᠠᠴᠠ᠎ᠨᠢ ᠵᠠᠰᠠᠬᠤ ᠲᠠᠯ᠎ᠠ᠎ᠪᠠᠷ ᠬᠦᠷᠦᠯᠴᠡᠬᠦ ᠦᠭᠡᠢ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠬᠦᠷᠦᠯᠴᠡᠬᠦ ᠦᠭᠡᠢ᠂ ᠴᠠᠯᠢᠩ ᠥᠷᠢᠲᠦᠬᠦ ᠵᠢ ᠵᠠᠭ᠋ᠠᠯᠳᠤᠬᠤ᠎ᠨᠢ ᠴᠦᠬᠡᠷᠡᠬᠦ ᠦᠭᠡᠢ ᠪᠠᠢ᠌ᠬᠤ᠂ ᠵᠠᠯᠬᠠᠭ᠋ᠠᠨ ᠰᠢᠢ᠍ᠳᠬᠡᠬᠦ ᠲᠠᠯ᠎ᠠ᠎ᠪᠠᠷ ᠬᠦᠴᠦᠨ ᠦᠭᠡᠢ ᠪᠠᠢ᠌ᠬᠤ ᠪᠠ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ᠎ᠪᠠᠷ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠵᠦ᠂ ᠴᠠᠯᠢᠩ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 86 ᠵᠦᠢ᠍ᠯ᠎ᠤᠨ ᠴᠢᠬᠤᠯᠠ ᠶᠡᠬᠡ ᠲᠥᠰᠥᠯ᠎ᠤᠨ 54᠎ᠨᠢ ᠠᠵᠢᠯ ᠡᠬᠢᠯᠡᠪᠡ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭ᠋ᠠᠨᠬᠠᠳᠠ᠎ᠳᠤ ᠶᠠᠪᠤᠭᠳᠠᠪᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
 
            