3 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠠᠢ᠌ᠯᠴᠢᠯᠠᠷᠠ ᠢᠷᠡᠭᠰᠡᠨ ᠬᠥᠯᠥᠨ ᠪᠣᠢ᠌ᠷ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠵᠢᠢ ᠶᠦᠩ ᠴᠢᠶᠠᠨ ᠨᠠᠷ᠎ᠲᠠᠢ ᠶᠠᠷᠢᠯᠴᠠᠵᠤ᠂ ᠬᠣᠶᠠᠷ ᠲᠠᠯ᠎ᠠ᠎ᠪᠠᠷ ᠵᠶ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠠᠬᠢᠭᠤᠯᠬᠤ᠂ ᠲᠢᠩᠬᠢᠮ ᠬᠣᠲᠠ ᠵᠢᠨ ᠵᠥᠪᠳᠡᠯᠴᠡᠬᠦ ᠲᠣᠭᠲᠠᠴᠠ ᠵᠢ ᠭᠦᠨᠵᠡᠭᠡᠢ᠌ᠷᠡᠭᠦᠯᠬᠦ ᠵᠡᠷᠭᠡ ᠠᠵᠢᠯ᠎ᠤᠨ ᠲᠣᠭᠣᠷᠢᠨ᠎ᠳᠤ ᠭᠦᠨᠵᠡᠭᠡᠶ ᠵᠣᠯᠭ᠋ᠠᠭᠤᠯᠤᠨ ᠰᠣᠯᠢᠯᠴᠠᠪᠠ᠃

ᠰᠦᠨ ᠵᠢᠶᠦ᠋ᠨ ᠴᠢᠩ᠎ᠠᠴᠠ ᠵᠢᠢ ᠶᠦᠩ ᠴᠢᠶᠠᠨ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠭᠰᠡᠨ ᠪᠥᠭᠡᠳ ᠬᠥᠯᠥᠨ ᠪᠣᠢ᠌ᠷ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠲᠤᠷᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠤᠢ᠍ᠢ᠍ᠷ᠎ᠠ ᠵᠢᠨ ᠵᠢᠯ᠎ᠠᠴᠠ᠂ ᠬᠥᠯᠥᠨ ᠪᠤᠢ᠍ᠢ᠍ᠷ ᠬᠤᠳᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ》ᠵᠢ ᠪᠠᠷᠢᠮᠲᠠᠯᠠᠵᠤ᠂ ᠢᠯᠡ ᠲᠣᠳᠣ ᠣᠨᠴᠠᠯᠢᠭ᠎ᠲᠠᠢ ᠴᠢᠨᠠᠷ ᠰᠠᠢ᠌ᠲᠠᠢ ᠬᠥᠭᠵᠢᠯᠲᠡ ᠵᠢᠨ ᠵᠠᠮ᠎ᠢ ᠨᠡᠭᠡᠭᠡᠵᠡᠢ᠃ ᠬᠥᠯᠥᠨ ᠪᠣᠢ᠌ᠷ ᠬᠣᠲᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠠᠬᠢᠭᠤᠯᠬᠤ ᠳᠤᠮᠳᠠ᠂ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ᠎ᠤ ᠶᠡᠬᠡ ᠲᠠᠯ᠎ᠠ ᠵᠢᠨ ᠥᠨᠳᠥᠷ᠎ᠲᠤ ᠵᠣᠭᠰᠣᠨ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠦᠨ ᠪᠠᠢ᠌ᠷᠢᠯᠠᠭᠤᠯᠵᠤ᠂ ᠨᠥᠯᠥᠭᠡᠯᠡᠬᠦ ᠬᠦᠴᠦᠨ᠂ ᠳᠠᠢ᠌ᠴᠢᠯᠠᠬᠤ ᠴᠢᠨᠠᠷ᠂ ᠬᠥᠰᠢᠬᠦ ᠴᠢᠨᠠᠷ᠂ ᠲᠤᠯᠭ᠋ᠠᠭᠤᠷᠢᠯᠠᠬᠤ ᠴᠢᠨᠠᠷ ᠵᠡᠷᠭᠡ ᠪᠠᠢ᠌ᠯᠳᠤᠬᠤ ᠪᠣᠳᠣᠯᠭ᠎ᠠ ᠵᠢᠨ ᠦᠢᠯᠡᠳᠦᠯ ᠪᠥᠬᠥᠶ ᠰᠢᠨ᠎ᠡ ᠵᠢ ᠡᠭᠦᠳᠬᠦ ᠴᠡᠭ᠎ᠢ ᠦᠨᠡᠨ ᠬᠦ᠌ ᠡᠮᠬᠢᠯᠡᠨ ᠳᠢᠭᠯᠡᠬᠦ ᠬᠡᠷᠡᠭᠲᠡᠶ᠃ ᠬᠦᠴᠦᠨ ᠵᠶ᠋ᠡᠨ ᠲᠥᠪᠯᠡᠷᠡᠭᠦᠯᠦᠨ ᠤᠨᠢᠨ ᠳᠡᠭᠡᠷ᠎ᠡ᠎ᠨᠢ ᠪᠠᠢ᠌ᠷᠢᠰᠢᠭᠤᠯᠵᠤ᠂ ᠡᠯ᠎ᠡ ᠲᠠᠯ᠎ᠠ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠵᠣᠬᠢᠰᠲᠠᠢ ᠲᠤᠬᠢᠷᠠᠭᠤᠯᠵᠤ᠂ ᠴᠡᠭ᠎ᠠᠴᠠ ᠳᠡᠭᠡᠭᠰᠢᠬᠢ ᠴᠢᠬᠤᠯᠠ ᠶᠡᠬᠡ ᠰᠢᠪᠲᠤᠯᠤᠯᠲᠠ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠦᠬᠦᠯᠢ ᠴᠣᠭᠴᠠ ᠵᠢᠨ ᠴᠢᠳᠠᠪᠤᠷᠢ ᠵᠢᠨ ᠳᠡᠭᠡᠭᠰᠢᠯᠡᠯᠲᠡ ᠵᠢ ᠳᠠᠢ᠌ᠴᠢᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠬᠥᠯᠥᠨ ᠪᠣᠢ᠌ᠷ ᠬᠣᠲᠠ᠎ᠯᠤᠭ᠎ᠠ ᠵᠥᠪᠳᠡᠯᠴᠡᠨ ᠨᠡᠪᠲᠡᠷᠡᠯᠴᠡᠬᠦ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠬᠢ ᠪᠠᠶᠠᠯᠢᠭ᠎ᠢ ᠬᠣᠯᠪᠣᠬᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠂ ᠬᠥᠯᠥᠨ ᠪᠣᠢ᠌ᠷ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠪᠥᠬᠥ ᠬᠦᠴᠦᠨ ᠵᠶ᠋ᠡᠷ ᠳᠡᠮᠵᠢᠨ᠎ᠡ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠬᠥᠯᠥᠨ ᠪᠣᠢ᠌ᠷ ᠬᠣᠲᠠ ᠵᠢᠨ ᠳᠡᠳ᠋ ᠳᠠᠷᠤᠭ᠎ᠠ ᠶᠠᠩ ᠽᠢ ᠵᠢᠶᠠᠩ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ᠂ ᠬᠥᠯᠥᠨ ᠪᠣᠢ᠌ᠷ ᠬᠣᠲᠠ ᠵᠢᠨ ᠵᠠᠰᠠᠭ᠎ᠤᠨ ᠣᠷᠳᠣᠨ᠎ᠤ ᠠᠯᠪᠠᠨ ᠬᠡᠷ᠂ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠶ᠃