ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠣᠣ ᠰᠢᠶᠠᠨ ᠬᠤᠸᠠ ᠬᠥᠬᠡᠬᠣᠲᠠ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-04-02

 
   3 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠥᠬᠡᠬᠣᠲᠠ᠎ᠳᠤ ᠬᠦᠷᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠢ ᠪᠠᠢ᠌ᠴᠠᠭ᠋ᠠᠨ ᠰᠤᠳᠤᠯᠪᠠ  ᠃




    ᠳᠡᠳ᠋ ᠲᠡᠷᠢᠭᠦᠯᠡᠭᠴᠢ ᠪᠣᠣ ᠰᠢᠶᠠᠨ ᠬᠤᠸᠠ ᠨᠠᠷ ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ (ᠥᠪᠥᠷ ᠮᠣᠩᠭᠣᠯ) ᠵᠢᠨ ᠣᠶᠤᠨᠴᠢ ᠦᠢ᠍ᠯᠡᠳᠬᠡᠯ᠎ᠤᠨ ᠰᠤᠳᠤᠯᠭ᠋ᠠᠨ᠎ᠤ ᠬᠦᠷᠢᠶᠡᠯᠡᠩ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠫᠷᠦᠹᠸᠰᠰᠤᠷ ᠯᠢᠦ ᠬᠣᠩ ᠵᠦᠩ᠎ᠤᠨ 《ᠣᠭᠲᠠᠷᠭᠤᠢ ᠵᠢᠨ ᠠᠯᠤᠰᠯᠠᠯ᠎ᠤᠨ ᠬᠡᠮᠵᠢᠭᠦᠷ᠎ᠤᠨ ᠰᠠᠭᠤᠷᠢ ᠲᠣᠮᠣ ᠰᠢᠨᠵᠢᠯᠡᠬᠦ ᠤᠬᠠᠭ᠋ᠠᠨ᠎ᠤ ᠲᠣᠨᠣᠭᠯᠠᠯ》᠎ᠤᠨ ᠲᠦᠷᠦᠯ ᠵᠦᠢ᠍ᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠦᠷᠦᠯ ᠵᠦᠢ᠍ᠯ᠎ᠤᠨ ᠰᠤᠳᠤᠯᠭ᠋ᠠᠨ᠎ᠤ ᠠᠭᠤᠯᠭ᠎ᠠ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠂ ᠠᠵᠤ ᠦᠢ᠍ᠯᠡᠰᠵᠢᠯᠲᠡ᠂ ᠴᠢᠳᠠᠪᠤᠷᠢᠲᠠᠨ᠎ᠢ ᠬᠥᠮᠦᠵᠢᠭᠦᠯᠬᠦ᠂ ᠠᠵᠢᠯᠯᠠᠭ᠋ᠠᠨ᠎ᠤ ᠬᠠᠮᠠᠭ᠋ᠠᠯᠠᠯᠲᠠ᠂ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠬᠡᠷᠡᠭᠵᠢᠭᠦᠯᠬᠦ ᠲᠥᠰᠦᠯ᠎ᠢ ᠲᠡᠭᠦᠯᠳᠡᠷᠵᠢᠭᠦᠯᠬᠦ᠂ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢ ᠠᠬᠢᠭᠤᠯᠬᠤ᠂ ᠦᠢ᠍ᠯᠡᠴᠢᠯᠡᠭᠡ ᠪᠠᠲᠤᠯᠠᠭ᠎ᠠ ᠵᠢ ᠰᠠᠢ᠌ᠲᠤᠷ ᠬᠢᠬᠦ ᠵᠡᠷᠭᠡ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠪᠠ  ᠃
    ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠣᠣ ᠵᠢᠶᠠᠨ ᠵᠦᠩ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠰᠤᠷᠤᠯᠴᠠᠵᠦ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠭᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠨ ᠰᠤᠳᠤᠯᠵᠤ ᠰᠣᠯᠢᠯᠴᠠᠬᠤ ᠬᠤᠷᠠᠯ ᠬᠤᠷᠠᠯᠳᠤᠭᠤᠯᠪᠠ
ᠬᠠᠩᠰᠢ ᠵᠢᠨ ᠠᠮᠠᠷᠠᠯᠲᠠ᠎ᠳᠤ ᠪᠥᠬᠥ ᠣᠷᠣᠨ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠥᠷᠢᠭ᠎ᠲᠤ ᠬᠥᠷᠪᠡ
 
            