ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2024-03-29


    3 ᠰᠠᠷ᠎ᠠ ᠵᠢᠨ 28᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠣᠣᠯ ᠳᠤᠭᠤᠢ᠌ᠯᠠᠩ ᠬᠠᠮᠲᠤ ᠵᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠰᠤᠷᠤᠯᠴᠠᠯᠭ᠎ᠠ ᠵᠢᠨ ᠬᠤᠷᠠᠯ ᠳᠡᠭᠡᠷ᠎ᠡ᠂ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠤᠳᠤᠯᠭ᠋ᠠᠨ᠎ᠤ ᠲᠥᠪ᠎ᠤᠨ ᠡᠷᠭᠢᠯᠡᠭᠴᠢ ᠵᠠᠩ ᠵᠠᠨ ᠪᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠲᠤᠰᠬᠠᠢ ᠰᠡᠳᠦᠪᠲᠦ ᠬᠠᠪᠰᠤᠷᠤᠨ ᠵᠢᠯᠤᠭᠣᠳᠬᠤ ᠮᠡᠳᠡᠭᠦᠯᠦᠯᠲᠡ ᠬᠢᠪᠡ᠃ ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ ᠰᠠᠨᠠᠯ ᠵᠶ᠋ᠠᠨ ᠰᠣᠯᠢᠯᠴᠠᠬᠤ ᠦᠭᠡ ᠬᠡᠯᠡᠵᠦ᠂ ᠬᠤᠸᠠᠩ ᡁᠢ ᠴᠢᠶᠠᠩ ᠪᠢᠴᠢᠭ ᠵᠶ᠋ᠡᠷ ᠦᠭᠡ ᠬᠡᠯᠡᠪᠡ᠃
    ᠰᠦᠨ ᠱᠤᠤ ᠴᠧᠩ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯ ᠮᠠᠷᠺᠰ᠎ᠤᠨ ᠦᠵᠡᠯ᠎ᠤᠨ ᠦᠢ᠍ᠯᠡᠳᠪᠦᠷᠢᠯᠡᠯ᠎ᠤᠨ ᠬᠦᠴᠦᠨ᠎ᠤ ᠤᠨᠤᠯ᠎ᠤᠨ ᠰᠢᠨ᠎ᠡ ᠡᠭᠦᠳᠦᠯᠲᠡ ᠪᠠ ᠬᠥᠭᠵᠢᠯᠲᠡ ᠮᠥᠨ᠂ ᠮᠠᠨ᠎ᠤ ᠨᠠᠮ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠤᠬᠠᠢ ᠲᠠᠨᠢᠯᠲᠠ ᠪᠠᠰᠠ ᠨᠢᠭᠡ ᠤᠳᠠᠭ᠎ᠠ ᠵᠢᠨ ᠦᠰᠦᠷᠦᠯᠲᠡ ᠵᠢ ᠪᠡᠶᠡᠯᠡᠭᠦᠯᠦᠭᠰᠡᠨ᠎ᠢ ᠬᠠᠷᠠᠭᠤᠯᠵᠤ ᠪᠠᠢ᠌ᠨ᠎ᠠ᠃ ᠪᠢᠳᠡ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠡᠨᠡ ᠬᠦ᠌ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ 《ᠶᠠᠭᠤ ᠪᠤᠯᠬᠤ᠂ ᠶᠠᠭ᠋ᠠᠬᠢᠭ᠋ᠠᠳ》 ᠭᠡᠳᠡᠭ᠎ᠢ ᠦᠨᠡᠨ ᠬᠦ᠌ ᠲᠣᠳᠣᠷᠬᠠᠢ ᠣᠢ᠌ᠯᠠᠭ᠋ᠠᠵᠤ᠂ 《ᠶᠠᠭ᠋ᠠᠬᠢᠵᠤ ᠦᠵᠡᠬᠦ᠂ ᠶᠠᠭ᠋ᠠᠬᠢᠪᠠᠯ ᠵᠣᠬᠢᠬᠤ》 ᠵᠢ ᠲᠣᠳᠣᠷᠬᠠᠢ ᠪᠤᠳᠤᠵᠤ᠂ ᠲᠡᠭᠦᠨ᠎ᠤ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠨᠠᠩ ᠰᠠᠢ᠌ᠲᠤᠷ ᠠᠬᠢᠭᠤᠯᠬᠤ ᠬᠡᠷᠡᠭᠲᠡᠢ ᠭᠡᠪᠡ᠃
    ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠥᠪᠥᠷ ᠮᠣᠩᠭᠣᠯ ᠡᠷᠬᠡᠪᠰᠢ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ᠃ ᠮᠠᠨ᠎ᠤ ᠣᠷᠣᠨ᠎ᠳᠤ ᠬᠡᠳᠦᠢ᠌ᠪᠡᠷ ᠭᠠᠵᠠᠷ ᠰᠠᠢ ᠦᠭᠡᠢ ᠨᠡᠭᠦᠷᠡᠰᠦ ᠪᠤᠯᠪᠠᠴᠤ ᠠᠯᠢ ᠨᠢᠭᠡ ᠡᠳᠦᠷ ᠮᠠᠯᠲᠠᠵᠤ ᠳᠠᠭᠤᠰᠤᠨ᠎ᠠ᠂ ᠬᠡᠳᠦᠢ᠌ᠪᠡᠷ 《ᠰᠠᠯᠬᠢ ᠭᠡᠷᠡᠯ》 ᠬᠢᠵᠠᠭ᠋ᠠᠷ ᠦᠭᠡᠢ ᠪᠤᠯᠪᠠᠴᠤ ᠠᠯᠢ ᠨᠢᠭᠡ ᠡᠳᠦᠷ ᠵᠠᠬ᠎ᠠ ᠳᠡᠯᠭᠡᠭᠦᠷ ᠬᠠᠩᠬᠤ ᠶᠤᠮ᠃ ᠪᠢᠳᠡ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠤᠷᠢᠳᠴᠢᠯᠠᠨ ᠪᠠᠢ᠌ᠷᠢᠯᠠᠭᠤᠯᠵᠤ᠂ ᠪᠣᠳᠠᠲᠠᠢ ᠵᠢ ᠡᠷᠬᠢᠮᠯᠡᠨ ᠠᠬᠢᠭᠤᠯᠵᠤ᠂ ᠢᠷᠡᠭᠡᠳᠦᠢ ᠵᠢᠨ ᠬᠥᠭᠵᠢᠯᠲᠡ ᠵᠢᠨ ᠠᠰᠢᠭᠲᠠᠢ ᠪᠠᠢ᠌ᠷᠢ ᠵᠢ ᠵᠠᠪᠳᠤᠨ ᠡᠵᠡᠯᠡᠬᠦ ᠲᠦᠷᠦᠭᠦᠦ ᠠᠯᠬᠤᠮ᠎ᠢ ᠰᠠᠢ᠌ᠲᠤᠷ ᠲᠠᠯᠪᠢᠵᠤ᠂ ᠢᠷᠡᠭᠡᠳᠦᠢ ᠵᠢᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠲᠡᠮᠡᠴᠡᠨ ᠣᠯᠬᠤ ᠰᠠᠨᠠᠭ᠋ᠠᠴᠢᠯᠠᠭ᠋ᠠᠲᠤ ᠲᠠᠢ᠌ᠨ᠎ᠢ ᠰᠠᠢ᠌ᠲᠤᠷ ᠬᠢᠬᠦ ᠬᠡᠷᠡᠭᠲᠡᠢ ᠭᠡᠪᠡ᠃

    ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠥᠪᠥᠷ ᠮᠣᠩᠭᠣᠯ ᠡᠷᠬᠡᠪᠰᠢ ᠶᠡᠬᠡ ᠦᠢ᠍ᠯᠡᠰ᠎ᠢ ᠪᠦᠲᠦᠭᠡᠵᠦ ᠴᠢᠳᠠᠨ᠎ᠠ᠃ ᠮᠠᠨ᠎ᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠣᠷᠣᠨ ᠪᠠᠢ᠌ᠷᠢ ᠵᠢᠨ ᠳᠠᠪᠠᠭᠤᠯᠢᠭ᠂ ᠲᠦᠷᠦ ᠵᠢᠨ ᠪᠣᠳᠣᠯᠭ᠎ᠠ ᠵᠢᠨ ᠳᠠᠪᠠᠭᠤᠯᠢᠭ ᠲᠣᠪᠣᠢ᠌ᠮ᠎ᠠ ᠪᠠᠢ᠌ᠵᠤ᠂ ᠮᠠᠰᠢ ᠤᠯᠠᠨ ᠠᠵᠤ ᠦᠢ᠍ᠯᠡᠰ ᠪᠦᠭᠦ ᠤᠯᠤᠰ᠎ᠲᠤ ᠴᠢᠬᠤᠯᠠ ᠪᠠᠢ᠌ᠷᠢ ᠰᠠᠭᠤᠷᠢ ᠵᠢ ᠡᠵᠡᠯᠡᠵᠦ᠂ ᠵᠠᠷᠢᠮ ᠬᠦᠷᠢᠶᠡᠨ᠎ᠳᠤ ᠪᠠᠰᠠ ᠡᠮᠦᠨ᠎ᠡ ᠡᠩᠨᠡᠭᠡᠨ᠎ᠳᠤ ᠶᠠᠪᠤᠵᠤ ᠪᠠᠢ᠌ᠨ᠎ᠠ᠂ ᠡᠨᠡ ᠬᠡᠳᠦᠨ ᠵᠢᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠴᠤ᠌ ᠶᠡᠬᠡ᠎ᠪᠠᠷ ᠳᠡᠭᠡᠭᠰᠢᠯᠡᠪᠡ᠂ ᠡᠳᠡᠭᠡᠷ ᠨᠥᠬᠥᠴᠡᠯ᠎ᠢ ᠰᠠᠢ᠌ᠲᠤᠷ ᠠᠰᠢᠭᠯᠠᠪᠠᠯ᠂ ᠮᠠᠰᠢ ᠤᠯᠠᠨ ᠬᠦᠷᠢᠶᠡᠨ᠎ᠳᠤ ᠪᠦᠷ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢ ᠪᠤᠢ ᠪᠤᠯᠭ᠋ᠠᠵᠤ ᠴᠢᠳᠠᠨ᠎ᠠ᠃ ᠪᠢᠳᠡ 《ᠪᠢ ᠬᠥᠮᠥᠨ᠎ᠢ ᠬᠦᠷᠬᠦ ᠦᠭᠡᠢ》 ᠭᠡᠬᠦ ᠦᠵᠡᠯᠲᠡ᠎ᠪᠠᠨ ᠲᠠᠶᠠᠭᠳᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠡᠷᠴᠢ ᠵᠣᠷᠢᠭ ᠵᠶ᠋ᠠᠨ ᠬᠥᠪᠴᠢᠯᠡᠵᠦ᠂ ᠱᠠᠯᠠᠪᠳᠠᠨ ᠠᠳᠬᠤᠵᠤ ᠲᠦᠷᠭᠡᠨ ᠬᠢᠵᠦ᠂ ᠡᠷᠲᠡᠬᠡᠨ ᠦᠷ᠎ᠡ ᠪᠦᠲᠦᠮᠵᠢ ᠭᠠᠷᠭ᠋ᠠᠬᠤ ᠬᠡᠷᠡᠭᠲᠡᠢ ᠭᠡᠪᠡ᠃
    ᠰᠦᠨ ᠱᠤᠤ ᠴᠧᠩ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠥᠪᠥᠷ ᠮᠣᠩᠭᠣᠯ ᠨᠡᠩ ᠴᠤ᠌ ᠵᠣᠷᠢᠭᠲᠠᠢ ᠬᠢᠵᠦ ᠴᠢᠳᠠᠮᠠᠭ᠋ᠠᠢ ᠠᠵᠢᠯᠯᠠᠬᠤ ᠬᠡᠷᠡᠭᠲᠡᠢ᠃ ᠮᠠᠨ᠎ᠤ ᠣᠷᠣᠨ ᠪᠣᠯ ᠬᠥᠭᠵᠢᠭᠡᠳᠦᠢ ᠭᠠᠵᠠᠷ ᠣᠷᠣᠨ ᠪᠣᠯᠬᠣᠷ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠵᠢ ᠠᠬᠢᠭᠤᠯᠬᠤ ᠲᠠᠯ᠎ᠠ᠎ᠪᠠᠷ ᠡᠷᠬᠡᠪᠰᠢ ᠥᠷᠯᠥᠭᠡ ᠦᠳᠡᠰᠢ ᠵᠢ ᠲᠡᠮᠡᠴᠡᠨ᠂ ᠵᠣᠷᠢᠭᠲᠠᠢ ᠰᠦᠪᠡᠭᠴᠢᠯᠡᠨ ᠦᠢ᠍ᠯᠡᠳᠦᠯᠭᠡᠵᠢᠭᠦᠯᠬᠦ ᠬᠡᠷᠡᠭᠲᠡᠢ᠃ ᠬᠠᠷᠢᠴᠠᠭᠤᠯᠤᠭᠰᠠᠨ ᠳᠠᠪᠠᠭᠤᠯᠢᠭ᠎ᠲᠠᠭᠠᠨ ᠰᠠᠭᠤᠷᠢᠯᠠᠨ᠂ ᠮᠠᠨ᠎ᠤ ᠣᠷᠣᠨ᠎ᠤ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠦᠴᠦᠯᠡᠬᠦ ᠭᠣᠣᠯᠳᠠᠯᠭ᠎ᠠ ᠵᠢᠴᠢ ᠢᠵᠢ ᠪᠦᠷᠢᠳᠦᠭᠦᠯᠦᠭᠰᠡᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠴᠢᠩᠭ᠎ᠠ ᠲᠦᠰᠢᠭᠯᠡᠨ ᠤᠯᠠᠮᠵᠢᠯᠠᠯᠲᠤ ᠠᠵᠤ ᠦᠢ᠍ᠯᠡᠰ᠎ᠢ ᠲᠦᠷᠭᠡᠨ ᠥᠭᠡᠷᠡᠴᠢᠯᠡᠨ ᠳᠡᠰ ᠳᠡᠪᠰᠢᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠪᠠᠢ᠌ᠷᠢᠰᠢᠭᠤᠯᠤᠨ ᠪᠦᠲᠦᠭᠡᠨ ᠪᠠᠢ᠌ᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠡᠯ᠎ᠡ ᠲᠥᠷᠥᠯ᠎ᠤᠨ ᠤᠯᠤᠰ᠎ᠤᠨ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠥᠭᠡᠷᠡᠴᠢᠯᠡᠯᠲᠡ ᠵᠢᠨ ᠠᠷᠭ᠎ᠠ᠎ᠪᠠᠷ ᠲᠦᠭᠵᠢᠷᠡᠯ ᠴᠡᠭ ᠬᠣᠷᠢᠭ᠎ᠠ ᠴᠡᠭ᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠡᠭᠡᠨ ᠴᠢᠳᠠᠮᠠᠭ᠋ᠠᠢ ᠪᠠᠢ᠌ᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠠᠯ᠎ᠠ᠎ᠪᠠᠷ ᠠᠯᠢ ᠲᠦᠷᠭᠡᠨ ᠵᠶ᠋ᠡᠷ ᠰᠢᠨ᠎ᠡ ᠰᠢᠪᠲᠤᠯᠤᠯᠲᠠ ᠭᠠᠷᠭ᠋ᠠᠬᠤ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠡᠨᠡ ᠬᠦ᠌ ᠬᠠᠲᠠᠭᠤ ᠶᠣᠰᠣ ᠵᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠬᠤ᠂ ᠲᠦᠷᠦᠯ ᠬᠤᠪᠢᠶᠠᠨ ᠵᠢᠯᠤᠭᠣᠳᠬᠤ ᠵᠢ ᠪᠠᠷᠢᠮᠲᠠᠯᠠᠵᠤ᠂ ᠪᠦᠳᠦᠭᠦᠯᠢᠭ ᠵᠶ᠋ᠡᠷ ᠥᠷᠭᠡᠳᠬᠡᠬᠦ᠂ ᠳᠣᠣᠷ᠎ᠠ ᠪᠦᠲᠦᠮᠵᠢᠲᠡᠢ᠎ᠪᠠᠷ ᠬᠥᠭᠵᠢᠭᠦᠯᠬᠦ ᠬᠠᠭᠤᠴᠢᠨ ᠵᠠᠮ ᠵᠶ᠋ᠠᠷ ᠵᠠᠮᠨᠠᠬᠤ ᠦᠭᠡᠢ᠂ 《ᠰᠢᠨ᠎ᠡ ᠯᠣᠩᠬᠣᠨ᠎ᠳᠤ ᠬᠠᠭᠤᠴᠢᠨ ᠠᠷᠢᠬᠢ ᠰᠠᠪᠠᠯᠠᠬᠤ》 ᠦᠭᠡᠢ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ 《ᠰᠠᠭᠰᠤ》 ᠲᠡᠳᠦᠢ ᠪᠤᠯᠭ᠋ᠠᠵᠤ᠂ ᠶᠠᠭᠤ ᠪᠣᠯᠭ᠋ᠠᠨ᠎ᠢ ᠴᠤ᠌ ᠰᠠᠪᠠᠯᠠᠵᠤ ᠪᠤᠯᠬᠤ ᠦᠭᠡᠢ ᠭᠡᠪᠡ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠨ ᠰᠤᠳᠤᠯᠵᠤ ᠰᠣᠯᠢᠯᠴᠠᠬᠤ ᠬᠤᠷᠠᠯ ᠬᠤᠷᠠᠯᠳᠤᠭᠤᠯᠪᠠ
ᠬᠠᠩᠰᠢ ᠵᠢᠨ ᠠᠮᠠᠷᠠᠯᠲᠠ᠎ᠳᠤ ᠪᠥᠬᠥ ᠣᠷᠣᠨ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠥᠷᠢᠭ᠎ᠲᠤ ᠬᠥᠷᠪᠡ
ᠮᠠᠨ᠎ᠤ ᠣᠷᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠬᠢᠴᠠ ᠪᠥᠬᠥ ᠤᠯᠤᠰ᠎ᠲᠤ ᠲᠡᠷᠢᠭᠦᠯᠡᠪᠡ
ᠬᠤᠸᠠᠩ ᡁᠢ ᠴᠢᠶᠠᠩ ᠳ᠋ᠠᠢ᠌ᠲ᠋ᠠ ᠵᠢᠨ ᠲᠥᠪ᠎ᠤᠨ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠪᠠᠲᠤᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ ᠪᠣᠳᠣᠬᠤ ᠬᠦᠴᠦᠨ ᠴᠠᠬᠢᠯᠭ᠋ᠠᠨ ᠬᠦᠴᠦᠨ᠎ᠢ ᠬᠠᠮᠵᠢᠯᠴᠠᠭᠤᠯᠤᠨ ᠪᠠᠢ᠌ᠷᠢᠰᠢᠭᠤᠯᠬᠤ ᠵᠢ ᠰᠠᠢ᠌ᠲᠤᠷ ᠨᠢᠭᠡᠳᠦᠯᠲᠡᠢ ᠲᠥᠯᠥᠪᠯᠡᠵᠦ ᠭᠦᠢ᠍ᠴᠡᠳ ᠲᠣᠭᠲᠠᠭᠤᠨ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ
 
            