ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠰᠤᠷᠤᠯᠴᠠᠵᠦ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠭᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2024-04-01


   3 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠭᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃
    ᠬᠤᠷᠠᠯ᠎ᠠᠴᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠤᠯᠤᠰ ᠲᠥᠷᠥ ᠵᠢᠨ ᠪᠠᠢ᠌ᠷᠢ ᠲᠣᠭᠲᠠᠭ᠋ᠠᠯᠲᠠ ᠪᠠ ᠦᠨᠳᠦᠰᠦᠨ ᠡᠭᠦᠷᠭᠡ ᠵᠢ ᠪᠠᠲᠤ ᠡᠵᠡᠮᠳᠡᠵᠦ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠤᠯᠤᠰ ᠲᠥᠷᠥ ᠵᠢᠨ ᠲᠣᠭᠣᠷᠢᠨ ᠪᠠᠢ᠌ᠴᠠᠭ᠋ᠠᠯᠲᠠ ᠵᠢ ᠦᠨᠡᠨ ᠬᠦ᠌ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠡᠨᠧᠷᠭᠢ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠥ ᠴᠤᠭᠯᠠᠷᠠᠭᠰᠠᠨ ᠬᠦᠷᠢᠶ᠎ᠡ ᠴᠠᠷᠠᠭ᠎ᠠ ᠵᠢ ᠴᠢᠩᠭ᠎ᠠ ᠠᠩᠬᠠᠷᠴᠤ᠂ 《ᠨᠢᠭᠡᠳᠦᠭᠡᠷ ᠬᠠᠷᠢᠭᠤᠴᠠᠯᠭ᠋ᠠᠲᠠᠨ》 ᠪᠣᠯᠣᠨ ᠤᠳᠤᠷᠢᠳᠬᠤ ᠪᠠᠭ᠎ᠢ ᠴᠢᠩᠭ᠎ᠠ ᠠᠩᠬᠠᠷᠴᠤ᠂ ᠣᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠤᠯᠤᠰ ᠲᠥᠷᠥ ᠵᠢᠨ ᠬᠢᠨᠠᠯᠲᠠ ᠲᠠᠯᠪᠢᠬᠤ ᠵᠢ ᠪᠣᠳᠠᠲᠠᠢ᠌ᠵᠢᠭᠤᠯᠬᠤ᠂ ᠣᠨᠣᠪᠴᠢᠵᠢᠭᠤᠯᠬᠤ᠂ ᠪᠠᠢ᠌ᠩᠭᠤᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠣᠭᠣᠷᠢᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ 《ᠨᠢᠭᠡ ᠱᠤᠭᠤᠮ》 ᠵᠢᠡᠷ ᠴᠡᠭᠴᠡᠯᠡᠨ ᠰᠠᠢ᠌ᠵᠢᠷᠠᠭᠤᠯᠬᠤ ᠵᠢ ᠭᠦᠨᠵᠡᠭᠡᠢ᠌ᠷᠡᠭᠦᠯᠵᠦ᠂ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠳᠦᠷᠢᠮ ᠲᠣᠭᠲᠠᠭ᠋ᠠᠯ ᠲᠣᠭᠲᠠᠭ᠋ᠠᠬᠤ᠎ᠪᠠᠷ ᠳᠠᠮᠵᠢᠭᠤᠯᠤᠨ ᠠᠰᠠᠭᠤᠳᠠᠯ᠎ᠢ ᠦᠨᠳᠦᠰᠦᠨ᠎ᠠᠴᠠ᠎ᠨᠢ ᠢᠳᠡᠪᠬᠢᠲᠡᠢ ᠰᠢᠢ᠍ᠳᠪᠦᠷᠢᠯᠡᠵᠦ᠂ ᠲᠣᠭᠣᠷᠢᠨ ᠪᠠᠢ᠌ᠴᠠᠭ᠋ᠠᠯᠲᠠ ᠵᠢᠨ 《ᠰᠡᠭᠦᠯᠴᠢ ᠵᠢᠨ ᠠᠵᠢᠯ》᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠢ᠃ ᠲᠣᠭᠣᠷᠢᠨ ᠪᠠᠢ᠌ᠴᠠᠭ᠋ᠠᠬᠤ ᠪᠠ ᠪᠤᠰᠤᠳ ᠬᠢᠨᠠᠯᠲᠠ ᠲᠠᠯᠪᠢᠬᠤ ᠵᠢ ᠨᠡᠪᠲᠡᠷᠡᠯᠴᠡᠭᠦᠯᠦᠨ ᠵᠣᠬᠢᠴᠠᠭᠤᠯᠬᠤ ᠵᠢ ᠠᠬᠢᠭᠤᠯᠵᠤ᠂ ᠬᠢᠨᠠᠯᠲᠠ ᠲᠠᠯᠪᠢᠬᠤ ᠵᠢᠨ ᠬᠠᠮᠲᠤᠷᠠᠯ ᠬᠦᠴᠦᠨ ᠪᠠ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠤᠨ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠷᠢ ᠥᠭᠴᠡᠭᠡ ᠵᠢ ᠠᠷᠢᠯᠭ᠋ᠠᠬᠤ ᠲᠥᠰᠥᠯ᠎ᠤᠨ ᠬᠡᠷᠡᠭᠵᠢᠭᠦᠯᠦᠯᠲᠡ ᠵᠢ ᠲᠦᠷᠭᠡᠳᠬᠡᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠥᠷᠢ ᠥᠭᠴᠡᠭᠡ ᠵᠢᠨ ᠶᠡᠷᠦᠩᠬᠡᠢ ᠬᠡᠮᠵᠢᠶ᠎ᠡ ᠵᠢ ᠪᠠᠭ᠋ᠠᠰᠬᠠᠵᠤ᠂ ᠣᠷᠣᠯᠭ᠎ᠠ᠎ᠪᠠᠨ ᠨᠡᠮᠡᠭᠳᠡᠭᠦᠯᠦᠨ ᠵᠠᠷᠤᠯᠭ᠎ᠠ᠎ᠪᠠᠨ ᠪᠠᠭ᠋ᠠᠰᠬᠠᠵᠤ ᠬᠡᠷᠡᠭᠯᠡᠵᠦ ᠪᠤᠯᠬᠤ ᠡᠳ᠋᠎ᠤᠨ ᠬᠦᠴᠦᠨ᠎ᠢ ᠨᠡᠮᠡᠭᠳᠡᠭᠦᠯᠵᠦ᠂ ᠪᠦᠭᠦ ᠵᠢᠯ᠎ᠤᠨ ᠥᠷᠢ ᠥᠭᠴᠡᠭᠡ ᠵᠢ ᠠᠷᠢᠯᠭ᠋ᠠᠬᠤ ᠬᠠᠷᠠᠯᠲᠠ ᠵᠢ ᠪᠦᠭᠦ ᠬᠦᠴᠦᠨ ᠵᠶ᠋ᠡᠷ ᠵᠶ᠋ᠡᠨ ᠪᠡᠶᠡᠯᠡᠭᠦᠯᠬᠦ ᠬᠡᠷᠡᠭᠲᠡᠢ᠃ ᠥᠷᠢᠲᠦᠵᠦ ᠪᠠᠢ᠌ᠭ᠎ᠠ ᠠᠵᠤ ᠠᠬᠤᠢ᠌ᠯᠠᠯ᠎ᠤᠨ ᠳᠠᠩᠰᠠᠨ᠎ᠳᠠᠬᠢ ᠵᠣᠭᠣᠰ᠎ᠢ ᠴᠡᠪᠡᠷᠯᠡᠨ ᠡᠮᠬᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠷᠪᠢᠯᠠᠨ ᠭᠠᠮᠨᠠᠵᠤ ᠠᠮᠢᠳᠤᠷᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠰᠢᠨ᠎ᠡ᠎ᠪᠠᠷ ᠨᠡᠮᠡᠭᠳᠡᠬᠦ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠴᠢᠩᠭ᠎ᠠ ᠡᠵᠡᠮᠳᠡᠬᠦ   ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠦᠭᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠬᠣᠯᠪᠣᠭᠳᠠᠯ ᠪᠦᠬᠦᠢ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭ᠋ᠠᠬᠤ ᠠᠵᠢᠯ᠎ᠢ ᠰᠠᠢ᠌ᠲᠤᠷ ᠬᠢᠵᠦ᠂ ᠵᠠᠰᠠᠭ᠎ᠤᠨ ᠣᠷᠳᠣᠨ᠎ᠤ ᠢᠲᠡᠭᠡᠯ ᠠᠯᠳᠠᠭᠰᠠᠨ ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠴᠢᠩᠭ᠎ᠠ ᠪᠣᠳᠠᠲᠠᠢ ᠠᠳᠬᠤᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠎ᠠ ᠵᠢᠷᠤᠮᠵᠢᠭᠤᠯᠵᠤ᠂ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠪᠠᠷᠢᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠣᠭ᠋ᠠᠴᠢᠯᠠᠭᠰᠠᠨ ᠬᠡᠷᠡᠭᠯᠡᠭᠡ ᠪᠠ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢ᠌ᠭᠤᠯᠤᠯᠲᠠ᠎ᠳᠤ ᠨᠠᠩ ᠰᠠᠢ᠌ᠲᠤᠷ ᠡᠨᠧᠷᠭᠢ ᠣᠯᠭᠣᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠭᠠᠳᠠᠭ᠋ᠠᠳᠤ ᠨᠡᠭᠡᠭᠡᠯᠲᠡ ᠵᠢᠨ ᠠᠵᠢᠯ᠎ᠤᠨ ᠬᠣᠯᠪᠣᠭᠳᠠᠯ ᠪᠦᠬᠦᠢ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠨᠡᠩ ᠥᠷᠭᠡᠨ ᠠᠭᠤᠳᠠᠮ ᠪᠠᠢ᠌ᠷᠢᠰᠢᠯ ᠪᠣᠯᠣᠨ ᠬᠠᠷᠠᠭ᠋ᠠᠰᠤ᠎ᠪᠠᠷ ᠨᠡᠭᠡᠭᠡᠯᠲᠡ ᠵᠢ ᠰᠦᠪᠡᠭᠴᠢᠯᠡᠵᠦ᠂ ᠨᠡᠭᠡᠭᠡᠯᠲᠡ ᠵᠢ ᠠᠳᠬᠤᠵᠤ᠂ ᠤᠯᠤᠰ᠎ᠤᠨ ᠴᠢᠬᠤᠯᠠ ᠶᠡᠬᠡ ᠣᠷᠣᠨ ᠪᠦᠰᠡ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠳᠤ ᠭᠦᠨᠵᠡᠭᠡᠢ ᠠᠭᠤᠰᠤᠯᠴᠠᠨ ᠦᠢ᠍ᠯᠡᠴᠢᠯᠡᠵᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢ ᠥᠷᠨᠢᠭᠦᠯᠵᠦ᠂ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠵᠢᠨ ᠬᠡᠪᠴᠢᠶ᠎ᠡ ᠵᠢ ᠢᠳᠡᠪᠬᠢᠲᠡᠢ ᠥᠷᠭᠡᠳᠬᠡᠵᠦ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ ᠢᠨᠵᠧᠨᠧᠷᠢᠩ᠎ᠢ ᠪᠦᠭᠦ ᠬᠦᠴᠦ᠎ᠪᠠᠷ ᠵᠶ᠋ᠡᠨ ᠰᠠᠢ᠌ᠲᠤᠷ ᠠᠳᠬᠤᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ 《ᠭᠠᠷ ᠳᠠᠮᠵᠢᠪᠠᠴᠤ ᠠᠰᠢᠭ ᠭᠦᠷᠲᠡᠭᠦ ᠦᠭᠡᠢ》 ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠨᠡᠩ ᠶᠡᠬᠡ ᠠᠬᠢᠴᠠ᠎ᠲᠠᠢ ᠪᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ 2024 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠨ ᠰᠤᠳᠤᠯᠵᠤ ᠰᠣᠯᠢᠯᠴᠠᠬᠤ ᠬᠤᠷᠠᠯ ᠬᠤᠷᠠᠯᠳᠤᠭᠤᠯᠪᠠ
ᠬᠠᠩᠰᠢ ᠵᠢᠨ ᠠᠮᠠᠷᠠᠯᠲᠠ᠎ᠳᠤ ᠪᠥᠬᠥ ᠣᠷᠣᠨ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠥᠷᠢᠭ᠎ᠲᠤ ᠬᠥᠷᠪᠡ
ᠮᠠᠨ᠎ᠤ ᠣᠷᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠬᠢᠴᠠ ᠪᠥᠬᠥ ᠤᠯᠤᠰ᠎ᠲᠤ ᠲᠡᠷᠢᠭᠦᠯᠡᠪᠡ
 
            