4 ᠳ᠋ᠦ᠍ᠭᠡᠷ ᠰᠠᠷ᠎ᠠ ᠵᠢᠨ 21᠎ᠤ ᠡᠳᠦᠷ᠂ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭ᠋ᠠᠨᠬᠠᠳᠠ᠎ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠲᠡᠷᠡ ᠵᠢᠭ᠋ᠠᠵᠤ ᠭᠠᠷᠭ᠋ᠠᠭᠰᠠᠨ᠎ᠨᠢ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠳ ᠪᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠠᠢ᠌ᠭᠤᠯᠤᠮᠵᠢ ᠠᠵᠢᠯᠲᠠᠨ ᠬᠡᠷᠡᠭᠯᠡᠬᠦ ᠠᠵᠤ ᠠᠬᠤᠢ᠌ᠯᠠᠯ ᠪᠣᠯᠣᠨ ᠠᠵᠢᠯ ᠡᠷᠢᠭᠰᠡᠳ᠎ᠲᠤ ᠰᠠᠢ᠌ᠨ ᠬᠣᠯᠪᠣᠭ᠋ᠠᠰᠤ ᠬᠥᠭᠥᠷᠭᠡ ᠲᠠᠯᠪᠢᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ; ᠠᠵᠢᠯᠲᠠᠨ ᠬᠡᠷᠡᠭᠯᠡᠬᠦ ᠠᠵᠤ ᠠᠬᠤᠢ᠌ᠯᠠᠯ ᠢᠲᠡᠭᠡᠮᠵᠢ ᠵᠢ ᠴᠢᠬᠤᠯᠠᠴᠢᠯᠠᠵᠤ᠂ ᠠᠵᠢᠯᠲᠠᠨ ᠬᠡᠷᠡᠭᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠠᠵᠢᠯᠲᠠᠨ᠎ᠢ ᠡᠯᠰᠡᠵᠦ ᠳᠡᠶ᠋ᠢᠯᠬᠦ᠂ ᠦᠯᠡᠳᠡᠭᠡᠵᠦ ᠳᠡᠶ᠋ᠢᠯᠬᠦ᠂ ᠰᠠᠢ᠌ᠲᠤᠷ ᠬᠡᠷᠡᠭᠯᠡᠬᠦ ᠵᠢ ᠪᠠᠲᠤᠯᠠᠬᠤ ᠬᠡᠷᠡᠭᠲᠡᠢ; ᠠᠵᠢᠯ ᠡᠷᠢᠭᠰᠡᠳ ᠠᠵᠢᠯ ᠣᠯᠬᠤ ᠲᠤᠬᠠᠢ ᠵᠥᠪ ᠦᠵᠡᠯᠲᠡ ᠵᠢ ᠪᠤᠢ ᠪᠣᠯᠭ᠋ᠠᠵᠤ᠂ ᠲᠣᠬᠢᠷᠠᠮᠵᠢᠲᠠᠢ ᠠᠵᠢᠯ᠎ᠤᠨ ᠪᠠᠢ᠌ᠷᠢ ᠵᠢ ᠡᠷᠲᠡᠬᠡᠨ ᠡᠷᠢᠵᠦ ᠣᠯᠬᠤ ᠬᠡᠷᠡᠭᠲᠡᠢ ᠭᠡᠵᠡᠢ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠣᠢ᠌ᠲᠤ ᠵᠢᠨ ᠭᠤᠷᠪᠠᠨ ᠮᠤᠵᠢ᠂ ᠬᠠᠳᠤᠨ ᠭᠣᠣᠯ ᠳᠠᠭ᠋ᠠᠤ ᠮᠤᠵᠢ ᠣᠷᠣᠨ ᠵᠡᠷᠭᠡ 15 ᠮᠤᠵᠢ (ᠣᠷᠣᠨ᠂ ᠬᠤᠳᠠ) ᠵᠢᠨ 1000 ᠭᠠᠷᠤᠢ ᠠᠵᠤ ᠠᠬᠤᠢ᠌ᠯᠠᠯ 5 ᠲᠦᠮᠡ ᠰᠢᠬᠠᠮ ᠠᠵᠢᠯ᠎ᠤᠨ ᠪᠠᠢ᠌ᠷᠢ ᠬᠠᠩᠭ᠋ᠠᠵᠠᠢ᠃