ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 86 ᠵᠦᠢ᠍ᠯ᠎ᠤᠨ ᠴᠢᠬᠤᠯᠠ ᠶᠡᠬᠡ ᠲᠥᠰᠥᠯ᠎ᠤᠨ 54᠎ᠨᠢ ᠠᠵᠢᠯ ᠡᠬᠢᠯᠡᠪᠡ
ᠨᠡᠶ᠋ᠢᠲᠡᠯᠡᠭᠰᠡᠨ ᠴᠠᠭ᠄ 2024-04-22


      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠤᠭ᠎ᠤᠨ ᠰᠢᠨ᠎ᠡ ᠮᠡᠳᠡᠭᠡ᠄ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠤᠨ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠪᠠ᠃ ᠡᠭᠦᠨ᠎ᠳᠤ᠂ ᠴᠢᠬᠤᠯᠠ ᠶᠡᠬᠡ ᠲᠥᠰᠥᠯ᠎ᠤᠨ ᠲᠣᠳᠣᠷᠬᠠᠢ ᠬᠠᠭᠤᠳᠠᠰᠤ ᠵᠢ ᠬᠡᠷᠡᠭᠵᠢᠭᠦᠯᠬᠦ ᠲᠠᠯ᠎ᠠ᠎ᠪᠠᠷ᠂ ᠡᠯ᠎ᠡ ᠭᠠᠵᠠᠷ ᠣᠷᠣᠨ᠎ᠨᠤᠭᠤᠳ ᠬᠦᠴᠦᠨ ᠵᠦᠢ᠍ᠯ᠎ᠤᠨ ᠪᠠᠲᠤᠯᠠᠭ᠎ᠠ᠎ᠪᠠᠨ ᠴᠢᠩᠭ᠋ᠠᠳᠬᠠᠵᠤ᠂ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠲᠦᠷᠭᠡᠳᠬᠡᠨ᠂ ᠰᠠᠢ᠌ᠲᠤᠷ ᠵᠣᠬᠢᠶᠠᠨ ᠪᠠᠢ᠌ᠭᠤᠯᠤᠨ ᠬᠡᠷᠡᠭᠵᠢᠭᠦᠯᠪᠡ᠃ ᠣᠲᠣ ᠪᠣᠯᠲᠠᠯ᠎ᠠ᠂ ᠲᠣᠳᠣᠷᠬᠠᠢ ᠬᠠᠭᠤᠳᠠᠰᠤᠨ᠎ᠳᠠᠬᠢ 86 ᠵᠦᠢ᠍ᠯ᠎ᠤᠨ ᠴᠢᠬᠤᠯᠠ ᠶᠡᠬᠡ ᠲᠥᠰᠥᠯ᠎ᠤᠨ 54᠎ᠨᠢ ᠨᠢᠭᠡᠨᠲᠡ ᠠᠵᠢᠯ ᠵᠶ᠋ᠠᠨ ᠡᠬᠢᠯᠡᠭᠦᠯᠵᠦ᠂ 1105.64 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠪᠠ᠃
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠭᠠᠷᠠᠭ ᠪᠦᠷᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠲᠣᠬᠢᠷᠠᠭᠤᠯᠤᠯᠲᠠ ᠬᠢᠵᠦ᠂ ᠡᠯ᠎ᠡ ᠲᠠᠯ᠎ᠠ ᠵᠢᠨ ᠠᠵᠢᠯ᠎ᠳᠤ ᠢᠳᠡᠪᠬᠢᠲᠡᠢ ᠦᠷ᠎ᠡ ᠪᠦᠲᠦᠮᠵᠢ ᠣᠯᠪᠠ᠃ ᠭᠣᠣᠯᠳᠠᠯᠭ᠎ᠠ᠎ᠲᠠᠢ ᠡᠭᠦᠷᠭᠡ ᠵᠢᠨ ᠲᠣᠳᠣᠷᠬᠠᠢ ᠬᠠᠭᠤᠳᠠᠰᠤ ᠵᠢ ᠠᠬᠢᠭᠤᠯᠬᠤ ᠲᠠᠯ᠎ᠠ᠎ᠪᠠᠷ᠂ 189 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠶᠠᠭ ᠴᠠᠭ᠎ᠤᠨ ᠵᠠᠩᠭᠢᠯᠠᠭ᠎ᠠ ᠪᠠ ᠠᠬᠢᠴᠠ ᠵᠢᠨ ᠱᠠᠭ᠋ᠠᠷᠳᠠᠯᠭ᠎ᠠ ᠶᠣᠰᠣᠭ᠋ᠠᠷ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠵᠤ ᠪᠠᠢ᠌ᠨ᠎ᠠ᠂ ᠡᠭᠦᠨ᠎ᠳᠤ 8 ᠵᠦᠢ᠍ᠯ᠎ᠨᠢ ᠴᠢᠬᠤᠯᠠ ᠶᠡᠬᠡ ᠠᠬᠢᠴᠠ᠎ᠲᠠᠢ ᠪᠣᠯᠵᠤ᠂ 16 ᠵᠦᠢ᠍ᠯ᠎ᠨᠢ ᠢᠯᠡᠳᠲᠡ ᠦᠷ᠎ᠡ ᠪᠦᠲᠦᠮᠵᠢ ᠣᠯᠵᠤ᠂ 165 ᠵᠦᠢ᠍ᠯ᠎ᠨᠢ ᠰᠢᠨ᠎ᠡ ᠠᠬᠢᠴᠠ᠎ᠲᠠᠢ ᠪᠣᠯᠪᠠ᠃ ᠵᠢᠱ᠌ᠢᠶᠡᠯᠡᠪᠡᠯ ᠭᠣᠣᠯᠳᠠᠯᠭ᠎ᠠ᠎ᠲᠠᠢ ᠡᠯᠡᠰᠦᠷᠬᠡᠭ ᠣᠷᠣᠨ᠎ᠤ ᠬᠣᠰᠢᠭᠤ ᠰᠢᠶᠠᠨ᠎ᠢ ᠤᠯᠤᠰ᠎ᠤᠨ ᠴᠢᠬᠤᠯᠠ ᠶᠡᠬᠡ ᠢᠨᠵᠧᠨᠧᠷᠢᠩ᠎ᠢ ᠠᠬᠢᠭᠤᠯᠤᠨ ᠬᠡᠷᠡᠭᠵᠢᠭᠦᠯᠬᠦ᠎ᠳᠤ ᠨᠢᠭᠡᠳᠦᠯᠲᠡᠢ ᠲᠦᠯᠦᠪᠯᠡᠨ ᠣᠷᠣᠭᠤᠯᠬᠤ᠎ᠪᠠᠷ ᠴᠢᠷᠮᠠᠢ᠌ᠵᠤ᠂ ᠤᠯᠤᠰ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠦᠯᠦᠪᠯᠡᠭᠡ ᠵᠢ ᠨᠢᠭᠡᠨᠲᠡ ᠳᠠᠷᠤᠮᠠᠯᠯᠠᠨ ᠲᠠᠷᠬᠠᠭ᠋ᠠᠵᠤ᠂ ᠮᠠᠨ᠎ᠤ ᠣᠷᠣᠨ᠎ᠤ 103 ᠬᠣᠰᠢᠭᠤ ᠰᠢᠶᠠᠨ᠎ᠤ 11 ᠭᠣᠣᠯᠳᠠᠯᠭ᠎ᠠ᠎ᠲᠠᠢ ᠲᠥᠰᠥᠯ᠎ᠢ ᠪᠦᠬᠦᠨ᠎ᠢ ᠲᠦᠯᠦᠪᠯᠡᠭᠡ ᠵᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠪᠠ᠃
      ᠢᠵᠢ ᠲᠦᠬᠦᠷ ᠲᠥᠷᠥ ᠵᠢᠨ ᠪᠣᠳᠣᠯᠭ᠎ᠠ ᠨᠡᠢ᠌ᠲᠡᠯᠡᠬᠦ᠎ᠪᠠᠷ ᠴᠢᠷᠮᠠᠢ᠌ᠬᠤ ᠲᠠᠯ᠎ᠠ᠎ᠪᠠᠷ᠂ ᠡᠯ᠎ᠡ ᠰᠠᠯᠠᠭ᠎ᠠ ᠮᠥᠴᠢᠷ᠎ᠤᠳ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠡᠢ᠌ᠲᠡᠯᠡᠬᠦ ᠴᠣᠩᠬᠣᠨ ᠬᠤᠭᠤᠴᠠᠭ᠎ᠠ ᠵᠢ ᠪᠤᠲᠠᠲᠠᠢ ᠠᠳᠬᠤᠵᠤ᠂ ᠠᠵᠢᠯ ᠲᠥᠷᠥᠯ᠎ᠤᠨ ᠶᠠᠮᠤᠨ ᠵᠥᠪᠯᠡᠯ᠎ᠲᠠᠢ ᠨᠡᠪᠲᠡᠷᠡᠯᠴᠡᠵᠦ ᠵᠣᠯᠭ᠋ᠠᠭᠤᠯᠬᠤ᠎ᠪᠠᠨ ᠲᠦᠷᠭᠡᠳᠬᠡᠪᠡ᠃ ᠣᠲᠣ ᠪᠣᠯᠲᠠᠯ᠎ᠠ᠂ ᠤᠯᠤᠰ᠎ᠤᠨ ᠶᠠᠮᠤᠨ ᠬᠣᠷᠢᠶ᠎ᠠ ᠨᠢᠭᠡᠴᠢ ᠢᠵᠢ ᠲᠦᠬᠦᠷ ᠲᠥᠷᠥ ᠵᠢᠨ ᠪᠣᠳᠣᠯᠭ᠎ᠠ ᠵᠢ 32 ᠨᠡᠢ᠌ᠲᠡᠯᠡᠬᠦ᠎ᠪᠠᠷ ᠴᠢᠷᠮᠠᠢ᠌ᠨ ᠣᠯᠵᠤ᠂ 9 ᠵᠦᠢ᠍ᠯ᠎ᠢ ᠨᠡᠢ᠌ᠲᠡᠯᠡᠬᠦ᠎ᠪᠠᠷ ᠲᠥᠯᠥᠪᠯᠡᠵᠦ᠂ ᠠᠵᠤ ᠠᠬᠤᠢ᠌ᠯᠠᠯ᠎ᠤᠨ ᠲᠠᠰ ᠳᠠᠪᠬᠤᠷᠭ᠎ᠠ᠎ᠠᠴᠠ ᠢᠵᠢ ᠲᠦᠬᠦᠷ ᠲᠥᠷᠥ ᠵᠢᠨ ᠪᠣᠳᠣᠯᠭ᠎ᠠ ᠵᠢ 4 ᠨᠡᠢ᠌ᠲᠡᠯᠡᠬᠦ᠎ᠪᠠᠷ ᠪᠠᠢ᠌ᠨ᠎ᠠ᠃
      ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠳᠠᠯᠳᠠ ᠬᠦᠴᠦᠨ᠎ᠢ ᠭᠦᠨ ᠠᠭᠤᠳᠠᠯᠬᠤ ᠲᠠᠯ᠎ᠠ᠎ᠪᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠣᠯᠠᠨ ᠵᠢᠯ᠎ᠤᠨ ᠠᠵᠢᠯ᠎ᠤᠨ ᠲᠤᠷᠰᠢᠯᠭ᠎ᠠ ᠪᠠ ᠤᠯᠤᠰ᠎ᠤᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠦᠨᠳᠦᠰᠦᠯᠡᠨ᠂ ᠠᠵᠢᠯ᠎ᠤᠨ ᠰᠡᠳᠬᠢᠮᠵᠢ᠎ᠪᠠᠨ ᠰᠤᠳᠤᠯᠤᠨ ᠳᠤᠷᠠᠳᠤᠭ᠋ᠠᠳ᠂ ᠨᠥᠭᠡᠴᠡᠯᠡᠬᠦ ᠲᠦᠰᠦᠯ ᠵᠶ᠋ᠡᠨ ᠶᠠᠭ ᠢᠳᠡᠪᠬᠢᠲᠡᠢ ᠨᠤᠲᠠᠯᠠᠵᠤ᠂ ᠤᠯᠤᠰ᠎ᠤᠨ ᠳᠡᠮᠵᠢᠯᠭᠡ ᠵᠢ ᠣᠯᠬᠤ᠎ᠪᠠᠷ ᠪᠥᠬᠥ ᠬᠦᠴᠦᠨ ᠵᠶ᠋ᠡᠷ ᠵᠶ᠋ᠡᠨ ᠴᠢᠷᠮᠠᠢ᠌ᠵᠤ ᠪᠠᠢ᠌ᠨ᠎ᠠ᠃ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠲᠠᠢ ᠬᠠᠷᠭᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨ᠎ᠡ᠎ᠪᠠᠷ ᠨᠡᠮᠡᠭᠳᠡᠭᠰᠡᠨ 29 ᠵᠦᠢ᠍ᠯ᠎ᠤᠨ ᠲᠥᠷᠥ ᠵᠢᠨ ᠪᠣᠳᠣᠯᠭ᠎ᠠ ᠵᠢ ᠡᠮᠬᠢᠯᠡᠨ ᠰᠣᠩᠭᠣᠵᠤ᠂ ᠨᠢᠭᠡᠨᠲᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠤᠨ ᠲᠣᠳᠣᠷᠬᠠᠢ ᠬᠠᠭᠤᠳᠠᠰᠤᠨ᠎ᠳᠤ ᠣᠷᠣᠭᠤᠯᠤᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠡᠷᠡᠭᠵᠢᠭᠦᠯᠬᠦ ᠵᠢ ᠠᠬᠢᠭᠤᠯᠪᠠ᠃
     《ᠲᠠᠷᠠᠭ᠋ᠠᠴᠢ᠎ᠪᠠᠷ᠂ ᠪᠢᠳᠡ ᠲᠣᠭᠲᠠᠴᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠴᠢᠷᠮᠠᠢ᠌ᠨ ᠣᠯᠬᠤ ᠡᠷᠴᠢᠮ ᠵᠶ᠋ᠡᠨ ᠴᠢᠩᠭ᠋ᠠᠷᠠᠭᠤᠯᠤᠨ᠂ ᠲᠥᠰᠥᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠠᠩᠬᠠᠷᠤᠨ᠂ ᠲᠦᠷᠦᠭᠦᠯᠡᠨ ᠶᠡᠷᠦᠩᠬᠡᠢ ᠠᠵᠢᠯ᠎ᠢ ᠠᠳᠬᠤᠬᠤ ᠦᠢ᠍ᠯᠡᠳᠦᠯ ᠵᠶ᠋ᠠᠨ ᠦᠨᠡᠨ ᠬᠦ᠌ ᠰᠠᠢ᠌ᠲᠤᠷ ᠪᠠᠳᠠᠷᠠᠭᠤᠯᠵᠤ᠂ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ ᠲᠥᠷᠥ ᠵᠢᠨ ᠪᠣᠳᠣᠯᠭ᠎ᠠ ᠵᠢᠨ ᠳᠠᠪᠬᠤᠴᠠᠯ ᠦᠢ᠍ᠯᠡᠳᠦᠯ᠎ᠢ ᠪᠡᠶᠡᠯᠡᠭᠦᠯᠬᠦ ᠵᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭ᠋ᠠᠨᠬᠠᠳᠠ᠎ᠳᠤ ᠶᠠᠪᠤᠭᠳᠠᠪᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠠᠵᠤ ᠦᠢᠯᠡᠰ᠎ᠤᠨ ᠬᠤᠪᠢᠰᠤᠯᠲᠠ ᠵᠢᠨ ᠰᠢᠨ᠎ᠡ ᠠᠵᠠ ᠲᠣᠬᠢᠶᠠᠯ᠎ᠢ ᠠᠳᠬᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠶ᠎ᠡ》 ᠭᠡᠬᠦ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
 
            