ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-04-22


    4 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠦ᠂ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠲᠠᠭᠢᠨ ᠲᠣᠬᠢᠷᠠᠭᠤᠯᠵᠤ ᠲᠠᠭᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ᠂ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ ᠵᠢᠨ ᠱᠦᠵᠢ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠸᠠᠩ ᡁᠢ ᠴᠢᠶᠠᠩ᠂ ᠢᠮᠠᠭᠲᠠ ᠮᠥᠩᠭᠥᠨ ᠭᠦᠢ᠍ᠯᠭᠡᠭᠡᠨ᠎ᠤ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠮᠥᠩᠭᠥᠨ ᠭᠦᠢ᠍ᠯᠭᠡᠭᠡᠨ᠎ᠤ ᠠᠵᠢᠯ᠎ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠨ ᠦᠢ᠍ᠯᠡᠳᠦᠯᠭᠡᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠪᠣᠯ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠮᠢᠨ ᠰᠤᠳᠠᠰᠤ ᠮᠥᠨ᠂ 《ᠬᠣᠶᠠᠷ᠎ᠢ ᠲᠣᠭᠲᠠᠭ᠋ᠠᠭᠰᠠᠨ》᠎ᠢ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠤᠯᠤᠰ ᠲᠥᠷᠥ ᠵᠢᠨ ᠥᠨᠳᠥᠷᠴᠡ᠎ᠠᠴᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠭᠡᠬᠦ ᠡᠨᠡ ᠬᠦ᠌ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠵᠢ ᠴᠢᠨᠠᠷ ᠰᠠᠢ᠌ᠲᠠᠢ ᠥᠷᠨᠢᠭᠦᠯᠵᠦ᠂ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠰᠤᠷᠤᠯᠴᠠᠨ ᠰᠠᠬᠢᠯᠭ᠎ᠠ ᠪᠠᠲᠤ ᠵᠢ ᠮᠡᠳᠡᠵᠦ ᠰᠠᠬᠢᠯᠭ᠎ᠠ ᠪᠠᠲᠤ ᠵᠢ ᠣᠢ᠌ᠯᠠᠭ᠋ᠠᠵᠤ ᠰᠠᠬᠢᠯᠭ᠎ᠠ ᠪᠠᠲᠤ ᠵᠢ ᠰᠠᠬᠢᠬᠤ ᠵᠢ ᠬᠥᠮᠥᠵᠢᠭᠦᠯᠦᠨ ᠵᠢᠯᠤᠭᠣᠳᠴᠤ᠂ ᠲᠡᠮᠦᠷ ᠮᠡᠲᠦ ᠬᠠᠲᠠᠭᠤ ᠴᠢᠩᠭ᠎ᠠ ᠰᠠᠬᠢᠯᠭ᠎ᠠ ᠪᠠᠲᠤ ᠵᠢ ᠨᠠᠮ᠎ᠤᠨ ᠭᠡᠰᠢᠭᠦᠨ ᠺᠠᠳ᠋ᠷ᠎ᠤᠨ ᠡᠳᠦᠷ ᠲᠤᠲᠤᠮ᠎ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭ᠋ᠠᠨ ᠬᠤᠪᠢᠷᠠᠭᠤᠯᠵᠤ᠂ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃
    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠣᠷᠢᠶ᠎ᠠ ᠵᠢᠨ ᠤᠳᠤᠷᠢᠳᠬᠤ ᠪᠠᠭ ᠪᠣᠯᠣᠨ ᠣᠷᠣᠨ᠎ᠠᠴᠠ ᠬᠠᠮᠢᠶᠠᠷᠴᠤ ᠪᠠᠢ᠌ᠭ᠎ᠠ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠮ᠎ᠤᠨ ᠬᠣᠷᠢᠶ᠎ᠠ ᠵᠢᠨ ᠱᠦᠵᠢ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠠᠵᠤ ᠦᠢᠯᠡᠰ᠎ᠤᠨ ᠬᠤᠪᠢᠰᠤᠯᠲᠠ ᠵᠢᠨ ᠰᠢᠨ᠎ᠡ ᠠᠵᠠ ᠲᠣᠬᠢᠶᠠᠯ᠎ᠢ ᠠᠳᠬᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠶ᠎ᠡ》 ᠭᠡᠬᠦ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
《ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ》᠎ᠤ ᠲᠥᠷᠥᠯ ᠵᠦᠢᠯ᠎ᠢ ᠡᠬᠢᠯᠡᠭᠦᠯᠬᠦ ᠵᠢᠴᠢ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ ᠬᠥᠬᠡᠬᠣᠲᠠ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠨᠢ ᠲᠢᠩᠬᠢᠮ ᠬᠣᠲᠠ ᠵᠢᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭᠰᠠᠨ ᠪᠢᠴᠢᠭ᠎ᠲᠤ ᠭᠠᠷ᠎ᠤᠨ ᠥᠰᠥᠭ ᠵᠢᠷᠤᠪᠠ
 
            