ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠠᠵᠤ ᠦᠢᠯᠡᠰ᠎ᠤᠨ ᠬᠤᠪᠢᠰᠤᠯᠲᠠ ᠵᠢᠨ ᠰᠢᠨ᠎ᠡ ᠠᠵᠠ ᠲᠣᠬᠢᠶᠠᠯ᠎ᠢ ᠠᠳᠬᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠶ᠎ᠡ》 ᠭᠡᠬᠦ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-04-25



    ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ 4 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠣᠮ ᠪᠢᠴᠢᠭ ᠰᠤᠷᠪᠤᠯᠵᠢ ᠪᠢᠴᠢᠭ᠎ᠤᠨ ᠲᠥᠪ᠎ᠤᠨ ᠡᠷᠬᠢᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠵᠤᠷᠭ᠋ᠠᠨ᠎ᠤ ᠤᠤᠯ᠎ᠤᠨ ᠳᠠᠷᠤᠭ᠎ᠠ ᠰᠢᠤᠢ ᠯᠢᠶᠠᠩ ᠨᠥᠬᠥᠷ᠎ᠢ ᠲᠤᠰᠬᠠᠢ᠌ᠯᠠᠨ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠬᠤᠷᠠᠯ᠎ᠳᠤ ᠣᠷᠣᠯᠴᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃



    ᠰᠢᠤᠢ ᠯᠢᠶᠠᠩ《ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠬᠤᠪᠢᠰᠬᠠᠯ᠎ᠤᠨ ᠠᠵᠤ ᠦᠢ᠍ᠯᠡᠰ᠎ᠤᠨ ᠬᠤᠪᠢᠰᠤᠯᠲᠠ ᠵᠢᠨ ᠰᠢᠨ᠎ᠡ ᠠᠵᠠ ᠲᠣᠬᠢᠶᠠᠯ᠎ᠢ ᠠᠳᠬᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠶ᠎ᠡ》ᠭᠡᠬᠦ ᠰᠡᠳᠦᠪ ᠵᠶ᠋ᠡᠷ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠬᠤᠪᠢᠰᠬᠠᠯ᠎ᠤᠨ ᠠᠵᠤ ᠦᠢ᠍ᠯᠡᠰ᠎ᠤᠨ ᠬᠤᠪᠢᠰᠤᠯᠲᠠ ᠵᠢᠨ ᠰᠢᠨ᠎ᠡ ᠬᠠᠨᠳᠤᠰᠢ᠂ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠥᠷᠢᠰᠥᠯᠳᠦᠭᠡᠨ᠎ᠤ ᠰᠢᠨ᠎ᠡ ᠪᠠᠢ᠌ᠳᠠᠯ ᠵᠢᠴᠢ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠦᠳᠦᠯᠥᠨ ᠳᠠᠭ᠋ᠠᠭᠤᠯᠬᠤ ᠵᠡᠷᠭᠡ ᠲᠠᠯ᠎ᠠ ᠵᠢᠨ ᠲᠣᠭᠣᠷᠢᠨ᠎ᠳᠤ᠂ ᠤᠯᠠᠮᠵᠢᠯᠠᠯᠲᠤ ᠦᠢ᠍ᠯᠡᠳᠪᠦᠷᠢᠯᠡᠯ᠎ᠤᠨ ᠬᠦᠴᠦᠨ᠎ᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠲᠡᠰ ᠳᠡᠪᠰᠢᠭᠦᠯᠬᠦ ᠵᠢᠴᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠤᠨ ᠢᠷᠡᠭᠡᠳᠦᠢ ᠵᠢᠨ ᠠᠵᠤ ᠦᠢ᠍ᠯᠡᠰ᠎ᠢ ᠪᠣᠢ᠌ᠵᠢᠭᠤᠯᠬᠤ ᠬᠥᠭᠵᠢᠯᠲᠡ ᠵᠢᠨ ᠰᠡᠳᠬᠢᠴᠡ ᠵᠢ ᠲᠣᠳᠣᠷᠬᠠᠢ᠌ᠯᠠᠨ ᠥᠭᠦᠯᠡᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠬᠣᠯᠪᠣᠭᠳᠠᠯ ᠪᠦᠬᠦᠢ ᠠᠭᠤᠯᠭ᠎ᠠ ᠵᠢ ᠭᠦᠨᠵᠡᠭᠡᠢ ᠪᠥᠭᠡᠳ ᠣᠢ᠌ᠯᠠᠭ᠋ᠠᠮᠵᠢᠲᠠᠢ ᠶᠠᠷᠢᠵᠤ᠂ ᠤᠯᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠦᠲᠦᠯᠦᠨ ᠳᠠᠭ᠋ᠠᠭᠤᠯᠬᠤ ᠵᠢ ᠣᠢ᠌ᠯᠠᠭ᠋ᠠᠬᠤ᠎ᠳᠤ ᠵᠢᠭᠤᠯᠤᠳᠤᠮᠵᠢ ᠬᠠᠩᠭ᠋ᠠᠵᠠᠢ᠃ ᠲᠠᠢ᠌ᠯᠤᠮᠵᠢ ᠵᠢᠨ ᠠᠭᠤᠯᠭ᠎ᠠ᠎ᠳᠤ ᠤᠨᠤᠯ᠎ᠤᠨ ᠦᠨᠳᠦᠷᠴᠡ ᠪᠠᠢ᠌ᠬᠤ ᠪᠥᠭᠡᠳ ᠪᠣᠳᠠᠲᠠᠢ᠎ᠲᠠᠢ ᠤᠶᠠᠯᠳᠤᠭᠤᠯᠤᠨ ᠭᠦᠨᠵᠡᠭᠡᠢ ᠵᠠᠳᠠᠯᠤᠯᠲᠠ ᠬᠢᠵᠦ᠂ ᠤᠯᠠᠨ᠎ᠢ ᠬᠦᠳᠦᠯᠦᠨ ᠵᠢᠯᠣᠭᠣᠳᠴᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠢ ᠰᠢᠯᠢᠳᠡᠭᠵᠢᠭᠦᠯᠬᠦ ᠲᠤᠬᠠᠢ ᠭᠦᠨᠵᠡᠭᠡᠢ ᠰᠡᠳᠬᠢᠨ ᠪᠤᠳᠤᠯᠬᠢᠯᠠᠭᠤᠯᠪᠠ᠃
    ᠬᠤᠷᠠᠯ᠎ᠠᠴᠠ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠦᠢᠯᠡᠴᠢᠯᠡᠭᠡᠨ᠎ᠤ ᠠᠵᠢᠯᠲᠠᠳ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠣᠨᠣᠯ᠎ᠤᠨ ᠰᠠᠭᠤᠷᠢ᠎ᠪᠠᠨ ᠲᠠᠰᠤᠷᠠᠯᠲᠠ ᠥᠬᠡᠶ ᠪᠡᠬᠢᠵᠢᠭᠦᠯᠵᠦ᠂ 《ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ》᠎ᠢ ᠰᠤᠷᠤᠯᠴᠠᠨ ᠣᠢ᠌ᠯᠠᠭ᠋ᠠᠬᠤ ᠪᠠ ᠰᠢᠩᠭᠡᠭᠡᠨ ᠠᠪᠬᠤ᠎ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠦᠲᠦᠮᠵᠢᠲᠡᠶ ᠬᠡᠷᠡᠭᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ  》ᠵᠢᠨ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢᠯᠡᠰ᠎ᠢ ᠴᠢᠷᠮᠠᠢ᠌ᠨ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠠᠴᠠ ᠡᠨᠧᠷᠭᠢ ᠣᠯᠭᠣᠵᠤ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ《ᠰᠢᠨ᠎ᠡ ᠵᠠᠮ ᠵᠶ᠋ᠠᠷ ᠵᠠᠮᠨᠠᠬᠤ᠂ ᠳᠤᠮᠳᠠ ᠲᠦᠪᠰᠢᠨ᠎ᠳᠤ ᠣᠷᠣᠬᠤ》᠎ᠳᠤ ᠬᠦᠴᠦᠷᠬᠡᠭ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠲᠣᠰ ᠤᠳᠠᠭ᠋ᠠᠨ᠎ᠤ ᠲᠠᠢ᠌ᠯᠤᠮᠵᠢ ᠵᠢ《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠶᠠᠪᠤᠭᠳᠠᠭᠤᠯᠵᠤ᠂ ᠲᠢᠩᠬᠢᠮ᠎ᠤᠨ ᠪᠠᠢ᠌ᠭᠤᠯᠭ᠎ᠠ ᠵᠢᠨ ᠪᠥᠬᠥ ᠠᠯᠪᠠᠲᠠᠨ᠂ ᠲᠢᠩᠬᠢᠮ᠎ᠤᠨ ᠬᠠᠷᠢᠶ᠎ᠠ ᠨᠢᠭᠡᠴᠢ ᠵᠢᠨ ᠪᠠᠭ᠎ᠤᠨ ᠪᠦᠷᠢᠯᠳᠦᠬᠦᠨ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠴᠢ ᠬᠥᠬᠡᠬᠣᠲᠠ᠎ᠳᠤ ᠪᠠᠢ᠌ᠭ᠎ᠠ ᠶᠡᠬᠡ ᠳᠡᠭᠡᠳᠦ ᠰᠤᠷᠭ᠋ᠠᠭᠤᠯᠢ᠂ ᠬᠦᠷᠢᠶᠡᠯᠡᠩ ᠭᠠᠵᠠᠷ᠎ᠤᠨ ᠬᠠᠮᠢᠶ᠎ᠠ ᠪᠥᠬᠥᠶ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠷᠢᠭᠤᠴᠠᠯᠭ᠋ᠠᠲᠠᠨ ᠪᠠᠷᠤᠭ 150 ᠬᠥᠮᠦᠨ ᠭᠣᠤᠯ ᠬᠤᠷᠠᠯ᠎ᠤᠨ ᠲᠠᠯᠠᠪᠠᠶ ᠵᠢᠨ ᠲᠠᠢ᠌ᠯᠤᠮᠵᠢ᠎ᠳᠤ ᠣᠷᠣᠯᠴᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠬᠣᠰᠢᠭᠤ ᠰᠢᠶᠠᠨ (ᠲᠣᠭᠣᠷᠢᠭ)᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶ᠎ᠠ ᠪᠥᠬᠥᠶ ᠠᠵᠢᠯᠲᠠᠨ; ᠠᠢ᠌ᠮᠠᠭ ᠬᠣᠲᠠ᠎ᠳᠤ ᠪᠠᠢ᠌ᠭ᠎ᠠ ᠶᠡᠬᠡ ᠳᠡᠭᠡᠳᠦ ᠰᠤᠷᠭ᠋ᠠᠭᠤᠯᠢ᠂ ᠬᠦᠷᠢᠶᠡᠯᠡᠩ ᠭᠠᠵᠠᠷ᠂ ᠬᠠᠮᠢᠶ᠎ᠠ ᠪᠥᠬᠥᠶ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ 650 ᠭᠠᠷᠤᠶ ᠬᠥᠮᠦᠨ ᠸᠢᠳᠢᠣ᠋ ᠬᠡᠯᠪᠡᠷᠢ᠎ᠪᠠᠷ ᠰᠦᠯᠵᠢᠶᠡᠨ ᠳᠡᠭᠡᠷ᠎ᠡ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ》᠎ᠤ ᠲᠥᠷᠥᠯ ᠵᠦᠢᠯ᠎ᠢ ᠡᠬᠢᠯᠡᠭᠦᠯᠬᠦ ᠵᠢᠴᠢ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ ᠬᠥᠬᠡᠬᠣᠲᠠ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠨᠢ ᠲᠢᠩᠬᠢᠮ ᠬᠣᠲᠠ ᠵᠢᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭᠰᠠᠨ ᠪᠢᠴᠢᠭ᠎ᠲᠤ ᠭᠠᠷ᠎ᠤᠨ ᠥᠰᠥᠭ ᠵᠢᠷᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠵᠦ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠪᠠ ᠰᠦᠨ ᠱᠤᠤ ᠴᠧᠩ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠵᠡᠢ
 
            