ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
《ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ》᠎ᠤ ᠲᠥᠷᠥᠯ ᠵᠦᠢᠯ᠎ᠢ ᠡᠬᠢᠯᠡᠭᠦᠯᠬᠦ ᠵᠢᠴᠢ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-04-23




   2024 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠬᠠᠮᠲᠤᠷᠠᠨ ᠠᠵᠢᠯᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠵᠥᠪᠯᠡᠯᠭᠡ ᠥᠭᠬᠦ ᠲᠥᠷᠥᠯ ᠵᠦᠢᠯ 《ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ》᠎ᠢ ᠡᠬᠢᠯᠡᠭᠦᠯᠬᠦ ᠵᠢᠴᠢ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠬᠤᠷᠠᠯ᠎ᠢ ᠬᠥᠬᠡᠬᠣᠲᠠ᠎ᠳᠤ ᠠᠮᠵᠢᠯᠲᠠ᠎ᠲᠠᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠢᠴᠢ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ 30 ᠭᠠᠷᠤᠢ ᠬᠥᠮᠦᠨ ᠬᠤᠷᠠᠯ᠎ᠳᠤ ᠣᠷᠣᠯᠴᠠᠵᠠᠢ᠃ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠺᠠᠩ ᠱᠤᠤ ᠵᠦᠩ ᠬᠤᠷᠠᠯ᠎ᠢ ᠡᠷᠬᠢᠯᠡᠪᠡ᠃



    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠪᠠᠶᠠᠷ᠎ᠤᠨ ᠦᠭᠡ᠎ᠳᠤ᠎ᠪᠠᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠦᠷᠢᠶᠡᠯᠡᠩ ᠣᠷᠣᠨ᠎ᠤᠨ ᠬᠠᠮᠲᠤᠷᠠᠯᠴᠠᠭ᠋ᠠᠨ᠎ᠤ ᠪᠠᠢ᠌ᠳᠠᠯ᠎ᠢ ᠲᠠᠨᠢᠯᠴᠠᠭᠤᠯᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2023 ᠣᠨ᠎ᠤ 4 ᠰᠠᠷ᠎ᠠ᠎ᠳᠤ ᠬᠠᠮᠲᠤᠷᠠᠨ ᠳᠤᠮᠳᠠᠳᠤ ᠤᠯᠤᠰ᠎ᠤᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠢ ᠪᠠᠢ᠌ᠭᠤᠯᠪᠠ᠂ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠬᠣᠶᠠᠷ ᠶᠡᠬᠡ ᠶᠠᠪᠤᠳᠠᠯ》᠎ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠠᠮᠢ ᠠᠬᠤᠶ᠂ ᠡᠨᠧᠷᠭᠢ᠂ ᠲᠠᠷᠢᠶᠠᠯᠠᠩ ᠮᠠᠯ᠂ ᠬᠣᠪᠣᠷ ᠰᠢᠷᠣᠶ᠂ ᠨᠡᠭᠦᠷᠡᠰᠦᠲᠥ᠋ᠷᠥᠭᠴᠢ ᠵᠢᠨ ᠬᠤᠷᠠᠮᠠᠯ᠂ ᠲᠣᠨᠣᠭᠯᠠᠯ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠠᠢ᠌ᠯᠳᠤᠬᠤ ᠪᠣᠳᠣᠯᠭ᠎ᠠ ᠵᠢᠨ ᠴᠢᠨᠠᠷ᠂ ᠤᠷᠢᠳᠠᠴᠢ ᠴᠢᠨᠠᠷ᠂ ᠶᠡᠷᠦᠩᠬᠡᠢ᠌ᠯᠡᠭᠰᠡᠨ ᠴᠢᠨᠠᠷᠲᠠᠶ ᠵᠥᠪᠳᠡᠯᠴᠡᠭᠡᠨ᠎ᠤ ᠰᠤᠳᠤᠯᠤᠯ᠎ᠢ ᠵᠣᠬᠢᠶᠠᠨ ᠪᠠᠢ᠌ᠭᠤᠯᠤᠨ ᠦᠷᠨᠢᠭᠦᠯᠵᠦ᠂ ᠠᠺᠠᠳᠧᠮᠢᠴᠢ ᠲᠤᠰᠬᠠᠶ ᠮᠡᠷᠭᠡᠵᠢᠯᠲᠡᠨ ᠵᠡᠷᠭᠡ ᠳᠡᠭᠡᠳᠦ ᠳᠡᠰ᠎ᠤᠨ ᠴᠢᠳᠠᠪᠤᠷᠢᠲᠠᠨ᠎ᠤ ᠣᠶᠤᠨ᠎ᠤ ᠬᠥᠮᠥᠷᠭᠡ ᠵᠢᠨ ᠳᠠᠪᠠᠭᠤᠯᠢᠭ᠎ᠢ ᠠᠰᠢᠭᠯᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠬᠥᠭᠵᠢᠯᠲᠡ᠎ᠳᠤ ᠠᠷᠭ᠎ᠠ ᠤᠬᠠᠭ᠋ᠠᠨ ᠭᠠᠷᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠵᠥᠪ ᠣᠨᠣᠪᠴᠢᠲᠠᠶ ᠴᠠᠭ ᠲᠤᠬᠠᠶ᠎ᠳᠤᠨᠢ ᠰᠠᠨᠠᠯ ᠰᠠᠨᠠᠭᠤᠯᠭ᠎ᠠ ᠬᠠᠩᠭ᠋ᠠᠪᠠ ᠭᠡᠵᠡᠢ᠃
    《ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠪᠠᠢ᠌ᠯᠳᠤᠬᠤ ᠪᠣᠳᠣᠯᠭ᠎ᠠ ᠵᠢᠨ ᠰᠤᠳᠤᠯᠤᠯ》᠎ᠤᠨ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠲᠠᠷᠢᠶᠠᠯᠠᠩ᠂ ᠠᠵᠤ ᠦᠢ᠍ᠯᠡᠳᠪᠦᠷᠢ᠂ ᠬᠣᠲᠠ ᠪᠠᠯᠭ᠋ᠠᠰᠤ ᠵᠡᠷᠭᠡ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠠᠩᠭᠢᠯᠠᠭ᠎ᠠ ᠵᠢᠨ ᠠᠰᠠᠭᠤᠳᠠᠯ᠎ᠠᠴᠠ ᠡᠭᠦᠰᠴᠦ᠂ 《ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ》᠎ᠪᠠᠷ ᠬᠠᠷᠠᠯᠲᠠ ᠪᠣᠯᠭ᠋ᠠᠨ᠂ ᠤᠰᠤᠨ᠎ᠤ ᠡᠬᠢ ᠪᠠᠶᠠᠯᠢᠭ᠎ᠢ ᠶᠡᠷᠦᠩᠬᠡᠢ᠌ᠯᠡᠨ ᠵᠠᠰᠠᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠰᠢᠨ᠎ᠡ ᠵᠠᠭᠪᠤᠷ᠎ᠢ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ   ᠬᠠᠩᠭ᠋ᠠᠬᠤ ᠪᠣᠯᠣᠨ᠎ᠠ᠃
    ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠸᠠᠩ ᠬᠤᠤ᠂ ᠡᠦ ᠴᠢᠶᠠᠩ᠂ ᠵᠢᠨ ᠹᠸᠢ ᠬᠤ᠌ ᠠᠺᠠᠳᠧᠮᠢᠴᠢ᠂ ᠨᠢᠩᠰᠢᠶᠠ ᠶᠡᠬᠡ ᠰᠤᠷᠭ᠋ᠠᠭᠤᠯᠢ ᠵᠢᠨ ᠸᠠᠩ ᠵᠥᠩ ᠵᠢᠩ ᠳᠡᠳ᠋ ᠵᠠᠬᠢᠷᠤᠯ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠰᠢᠤᠢ ᠳ᠋ᠢ ᠵᠢᠨ ᠨᠡᠷ᠎ᠡ ᠬᠦᠨᠳᠦᠲᠦ ᠳᠠᠷᠤᠭ᠎ᠠ᠂ ᠳᠤᠮᠳᠠᠳᠤ ᠤᠯᠤᠰ᠎ᠤᠨ ᠤᠰᠤᠯᠠᠯᠲᠠ ᠤᠰᠤ ᠲᠠᠲᠠᠷᠠᠭᠤᠯᠬᠤ ᠬᠥᠭᠵᠢᠯᠲᠡ ᠵᠢᠨ ᠲᠥᠪ᠎ᠤᠨ ᠡᠷᠬᠢᠯᠡᠭᠴᠢ ᠯᠢᠦ ᠶᠦᠨ ᠪᠥᠸᠧ᠂ ᠤᠰᠤᠨ ᠠᠰᠢᠭᠯᠠᠯᠲᠠ ᠵᠢᠨ ᠶᠠᠮᠤᠨ᠎ᠤ ᠬᠥᠳᠡᠭᠡ ᠲᠣᠰᠬᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠬᠤ᠌ ᠮᠸᠩ ᠭᠠᠵᠠᠷ᠎ᠤᠨ ᠳᠠᠷᠤᠭ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠱ᠌ᠢ ᠬᠠᠶ ᠪᠢᠨ ᠫᠷᠤᠹᠧᠰᠰᠤᠷ ᠵᠡᠷᠭᠡ ᠲᠥᠷᠥᠯ ᠵᠦᠢᠯ᠎ᠤᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠲᠥᠷᠥᠯ ᠵᠦᠢᠯ᠎ᠤᠨ ᠰᠤᠳᠤᠯᠭ᠋ᠠᠨ᠎ᠤ ᠰᠡᠳᠬᠢᠮᠵᠢ ᠵᠢᠴᠢ ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠳᠤᠮᠳᠠ ᠰᠢᠢᠳᠪᠦᠷᠢᠯᠡᠬᠦ ᠴᠢᠬᠤᠯᠠᠲᠠᠶ ᠭᠣᠤᠯᠳᠠᠯᠭ᠎ᠠ᠎ᠲᠠᠢ ᠬᠦᠴᠢᠷ ᠠᠰᠠᠭᠤᠳᠠᠯ᠎ᠤᠨ ᠲᠤᠬᠠᠶ ᠡᠷᠬᠢᠮ ᠨᠠᠨᠳᠢᠨ ᠰᠠᠨᠠᠭᠤᠯᠭ᠎ᠠ ᠳᠤᠷᠠᠳᠪᠠ᠃ ᠲᠥᠷᠥᠯ ᠵᠦᠢᠯ᠎ᠤᠨ ᠬᠠᠷᠢᠭᠤᠴᠠᠯᠭ᠋ᠠᠲᠠᠨ ᠺᠠᠩ ᠱᠣᠤ ᠵᠥᠩ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠵᠢ ᠲᠥᠷᠥᠯ ᠵᠦᠢᠯ᠎ᠤᠨ ᠳᠤᠭᠤᠢ᠌ᠯᠠᠩ᠎ᠲᠠᠢ ᠰᠣᠯᠢᠯᠴᠠᠨ ᠡᠮᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠬᠡᠷᠬᠢᠨ ᠪᠡᠶᠡᠯᠡᠭᠦᠯᠬᠦ ᠲᠤᠬᠠᠶ ᠰᠢᠢᠳᠪᠦᠷᠢᠯᠡᠬᠦ ᠲᠥᠰᠦᠯ ᠳᠤᠷᠠᠳᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠰᠤᠳᠤᠯᠭ᠋ᠠᠨ᠎ᠤ ᠠᠵᠢᠯ᠎ᠢ ᠲᠤᠬᠠᠶ ᠵᠢᠨ ᠲᠠᠯᠠᠪᠠᠶ᠎ᠳᠤ ᠲᠣᠬᠢᠷᠠᠭᠤᠯᠤᠨ ᠪᠠᠢ᠌ᠷᠢᠯᠠᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠨᠢ ᠲᠢᠩᠬᠢᠮ ᠬᠣᠲᠠ ᠵᠢᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭᠰᠠᠨ ᠪᠢᠴᠢᠭ᠎ᠲᠤ ᠭᠠᠷ᠎ᠤᠨ ᠥᠰᠥᠭ ᠵᠢᠷᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠵᠦ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠪᠠ ᠰᠦᠨ ᠱᠤᠤ ᠴᠧᠩ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠵᠡᠢ
ᠥᠪᠡᠷᠲᠡᠭᠡᠨ ᠵᠠᠰᠠᠬᠤ ᠣᠷᠣᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠢ᠌ᠴᠢᠨ ᠬᠤᠷᠠᠯ᠎ᠢ ᠡᠷᠭᠢᠯᠡᠵᠡᠢ
 
            