ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠨᠢ ᠲᠢᠩᠬᠢᠮ ᠬᠣᠲᠠ ᠵᠢᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭᠰᠠᠨ ᠪᠢᠴᠢᠭ᠎ᠲᠤ ᠭᠠᠷ᠎ᠤᠨ ᠥᠰᠥᠭ ᠵᠢᠷᠤᠪᠠ
ᠨᠡᠶ᠋ᠢᠲᠡᠯᠡᠭᠰᠡᠨ ᠴᠠᠭ᠄ 2024-04-30


  4 ᠰᠠᠷ᠎ᠠ ᠵᠢᠨ 29᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠵᠠᠰᠠᠭ᠎ᠤᠨ ᠣᠷᠳᠣᠨ ᠪᠤᠭᠤᠲᠤ ᠬᠣᠲᠠ᠎ᠳᠤ 《ᠲᠢᠩᠬᠢᠮ ᠬᠣᠲᠠ ᠵᠢᠨ ᠵᠥᠪᠳᠡᠯᠴᠡᠬᠦ ᠵᠥᠪᠯᠡᠨ ᠲᠣᠭᠲᠠᠭᠰᠠᠨ ᠪᠢᠴᠢᠭ》᠎ᠲᠤ ᠭᠠᠷ᠎ᠤᠨ ᠥᠰᠥᠭ ᠵᠢᠷᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠪᠤᠭᠤᠲᠤ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠳ᠋ᠢᠩ ᠰᠢᠦ ᠹᠸᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠤᠤ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ  ᠃


    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠪᠤᠭᠤᠲᠤ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠪᠠᠢ᠌ᠩᠭᠤ ᠵᠢᠨ ᠳᠡᠳ᠋ ᠳᠠᠷᠤᠭ᠎ᠠ ᠯᠢᠦ ᠬᠠᠶ ᠴᠢᠤᠸᠠᠨ ᠲᠤᠬᠠᠶ ᠵᠢᠨ ᠲᠠᠯᠠᠪᠠᠶ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭ᠋ᠠᠭᠰᠠᠨ ᠪᠢᠴᠢᠭ》᠎ᠲᠤ ᠭᠠᠷ᠎ᠤᠨ ᠥᠰᠥᠭ ᠵᠢᠷᠤᠪᠠ᠃
      ᠬᠡᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ ᠵᠶ᠋ᠠᠨ ᠲᠢᠩᠬᠢᠮ ᠬᠣᠲᠠ ᠬᠣᠯᠪᠣᠭ᠋ᠠᠯᠠᠨ ᠬᠥᠳᠡᠯᠦᠯᠴᠡᠬᠦ᠂ ᠬᠠᠮᠲᠤᠷᠠᠯᠴᠠᠵᠤ ᠬᠠᠮᠲᠤ᠎ᠪᠠᠷ ᠪᠠᠢ᠌ᠭᠤᠯᠬᠤ ᠠᠷᠭ᠎ᠠ ᠬᠡᠯᠪᠡᠷᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠥᠷᠨᠢᠭᠦᠯᠵᠦ᠂ ᠠᠵᠢᠯ᠎ᠤᠨ ᠵᠥᠪᠳᠡᠯᠴᠡᠬᠦ ᠲᠦᠷᠢᠮ᠎ᠢ ᠪᠠᠢ᠌ᠭᠤᠯᠵᠤ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ᠂ ᠬᠠᠭᠤᠴᠢᠨ ᠠᠵᠤ ᠦᠢᠯᠡᠳᠪᠦᠷᠢ ᠵᠢᠨ ᠰᠠᠭᠤᠷᠢᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠬᠤ ᠰᠢᠨ᠎ᠡ ᠵᠠᠮ ᠵᠶ᠋ᠠᠷ ᠲᠦᠷᠭᠡᠨ ᠵᠠᠮᠨᠠᠬᠤ ᠵᠢ ᠠᠬᠢᠭᠤᠯᠤᠨ᠎ᠠ  ᠃ ᠪᠤᠭᠤᠲᠤ ᠬᠤᠳᠠ ᠵᠢᠨ 《ᠬᠣᠶᠠᠷ ᠬᠣᠪᠣᠷ ᠰᠢᠷᠣᠢ ᠵᠢᠨ ᠰᠠᠭᠤᠷᠢᠨ》᠎ᠢ ᠪᠦᠳᠦᠬᠡᠨ ᠪᠠᠢ᠌ᠭᠤᠯᠬᠤ᠂ ᠳᠡᠯᠡᠬᠡᠢ ᠵᠢᠨ ᠪᠣᠬᠢᠷᠲᠤᠯ ᠦᠬᠡᠢ ᠴᠠᠬᠢᠭᠤᠷ᠎ᠤᠨ ᠲ᠋ᠦᠪ᠎ᠢ ᠪᠦᠳᠦᠬᠡᠨ ᠪᠠᠢ᠌ᠭᠤᠯᠬᠤ ᠵᠢ ᠬᠠᠮᠲᠤᠪᠠᠷ ᠠᠬᠢᠭᠤᠯᠵᠤ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠲᠥᠪᠯᠡᠷᠡᠯ᠎ᠤᠨ ᠭᠠᠵᠠᠷ᠎ᠢ ᠴᠣᠭᠴᠠᠯᠠᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠬᠠᠮᠤᠭ᠎ᠤᠨ ᠰᠢᠯᠢᠳᠡᠭ ᠠᠮᠢ ᠠᠬᠤᠢ ᠵᠢ ᠴᠣᠭᠴᠠᠯᠠᠨ᠎ᠠ  ᠃ ᠪᠤᠭᠤᠲᠤ ᠬᠣᠲᠠ ᠵᠢᠨ ᠠᠵᠢᠯ ᠲᠥᠷᠥᠯ᠎ᠤᠨ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠵᠢ ᠬᠠᠮᠲᠤ᠎ᠪᠠᠷ ᠳᠠᠮᠵᠢᠨ᠎ᠠ᠂ ᠬᠣᠰᠢᠭᠤᠷᠠᠯ ᠮᠡᠷᠭᠡᠵᠢᠯ᠎ᠢ ᠨᠡᠭᠡᠭᠡᠨ ᠬᠥᠭᠵᠢᠭᠦᠯᠬᠦ᠂ ᠳᠡᠭᠡᠳᠦ ᠲᠡᠰ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠨᠠᠢ᠌ᠳᠠᠪᠤᠷᠢᠵᠢᠭᠤᠯᠬᠤ᠂ ᠬᠣᠪᠣᠷ ᠰᠢᠷᠣᠶ᠎ᠪᠠᠷ ᠰᠢᠨ᠎ᠡ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠳᠠᠪᠰᠢᠬᠤ ᠵᠢ ᠬᠠᠮᠲᠤ᠎ᠪᠠᠷ ᠳᠡᠮᠵᠢᠨ᠎ᠡ᠂ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠂ ᠲᠣᠨᠣᠭᠯᠠᠯ᠎ᠤᠨ ᠬᠦᠷᠢᠶᠡᠯᠡᠩ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠲᠡᠮᠦᠷᠯᠢᠭ ᠣᠨ ᠬᠦᠷᠢᠶᠡᠯᠡᠩ ᠲᠣᠭᠣᠷᠢᠭ ᠪᠣᠯᠤᠨ ᠵᠢᠦᠶᠤᠸᠠᠨ᠎ᠤ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠢ ᠡᠭᠦᠳᠦᠨ ᠪᠠᠢ᠌ᠭᠤᠯᠪᠠ᠂ ᠪᠤᠭᠤᠲᠤ ᠬᠣᠲᠠ ᠵᠢᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠢ ᠬᠠᠮᠲᠤ᠎ᠪᠠᠷ ᠳᠡᠮᠵᠢᠵᠦ᠂ 《ᠮᠧᠩ ᠺᠧ ᠵᠢᠦᠢ》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠪᠤᠭᠤᠲᠤ ᠵᠢᠨ ᠬᠤᠪᠢᠶᠠᠷᠢ ᠲᠠᠪᠴᠠᠩ᠎ᠢ ᠪᠥᠲᠥᠭᠡᠨ ᠪᠠᠢ᠌ᠭᠤᠯᠤᠨ᠎ᠠ᠂ ᠪᠤᠭᠤᠲᠤ ᠬᠣᠲᠠ ᠵᠢᠨ ᠪᠤᠭᠤ ᠵᠢᠨ ᠬᠣᠲᠠ ᠵᠢᠨ ᠲᠤᠷᠰᠢᠯᠲᠠ ᠵᠢᠨ ᠲᠠᠰᠤᠭ᠎ᠢ ᠬᠠᠮᠲᠤᠪᠠᠷ ᠳᠡᠮᠵᠢᠨ᠎ᠡ᠂ ᠬᠣᠪᠣᠷ ᠰᠢᠷᠣᠶ ᠵᠵᠡ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ ᠰᠤᠳᠤᠯᠬᠤ ᠬᠦᠷᠢᠶᠡᠯᠡᠩ᠂ ᠴᠠᠬᠢᠭᠤᠷ ᠮᠠᠲ᠋ᠧᠷᠢᠶᠠᠯ᠎ᠤᠨ ᠬᠦᠷᠢᠶᠡᠨ᠎ᠤ ᠰᠢᠨ᠎ᠡ ᠵᠢ ᠡᠭᠦᠳᠬᠦ ᠲᠠᠪᠴᠠᠩ ᠪᠠ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ  ᠃
    ᠲᠣᠰ ᠤᠳᠠᠭ᠎ᠠ ᠵᠢᠨ ᠬᠡᠯᠡᠯᠴᠡᠭᠡᠷ  ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠩ ᠰᠠᠭ᠋ᠠᠳ ᠥᠬᠡᠶ ᠨᠡᠪᠲᠡᠷᠡᠬᠦ᠂ ᠨᠠᠩ ᠨᠢᠭᠲᠠ ᠳᠦᠷᠢᠮᠵᠢᠭᠰᠡᠨ ᠬᠠᠷᠢᠯᠴᠠᠵᠤ ᠵᠥᠪᠳᠡᠯᠴᠡᠬᠦ ᠲᠣᠭᠲᠠᠴᠠ ᠵᠢ ᠪᠠᠢ᠌ᠭᠤᠯᠵᠤ᠂ ᠲᠢᠩᠬᠢᠮ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠬᠦ᠎ᠪᠠᠷ ᠳᠡᠮᠵᠢᠨ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯᠳᠠᠯᠭ᠎ᠠ᠎ᠲᠠᠢ ᠠᠵᠢᠯ᠎ᠢ ᠬᠠᠮᠵᠢᠯᠴᠠᠨ ᠥᠨᠳᠥᠷ ᠪᠦᠲᠦᠮᠵᠢᠲᠡᠶ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠵᠤ᠂ ᠪᠤᠭᠤᠲᠤ ᠬᠣᠲᠠ ᠵᠢ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠤᠷᠢᠳ ᠵᠶ᠋ᠠᠷ ᠬᠡᠷᠡᠭᠵᠢᠭᠦᠯᠬᠦ ᠣᠷᠣᠨ ᠪᠣᠯᠭ᠋ᠠᠨ ᠪᠥᠲᠥᠭᠡᠨ ᠪᠠᠢ᠌ᠭᠤᠯᠤᠭᠰᠠᠨ᠎ᠢ ᠬᠠᠷᠠᠭᠤᠯᠵᠤ ᠪᠣᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠵᠦ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠪᠠ ᠰᠦᠨ ᠱᠤᠤ ᠴᠧᠩ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠵᠡᠢ
ᠥᠪᠡᠷᠲᠡᠭᠡᠨ ᠵᠠᠰᠠᠬᠤ ᠣᠷᠣᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠢ᠌ᠴᠢᠨ ᠬᠤᠷᠠᠯ᠎ᠢ ᠡᠷᠭᠢᠯᠡᠵᠡᠢ
 
            