ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠬᠠᠩᠰᠢ ᠵᠢᠨ ᠠᠮᠠᠷᠠᠯᠲᠠ᠎ᠳᠤ ᠪᠥᠬᠥ ᠣᠷᠣᠨ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠥᠷᠢᠭ᠎ᠲᠤ ᠬᠥᠷᠪᠡ
ᠨᠡᠶ᠋ᠢᠲᠡᠯᠡᠭᠰᠡᠨ ᠴᠠᠭ᠄ 2024-04-07


    4 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠣᠷᠣᠢ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠡᠢ᠌ᠲᠡᠯᠡᠭᠰᠡᠨ ᠮᠡᠳᠡᠭᠡ᠎ᠠᠴᠠ ᠦᠵᠡᠪᠡᠯ᠂ ᠬᠠᠩᠰᠢ ᠵᠢᠨ ᠠᠮᠠᠷᠠᠯᠲᠠ᠎ᠳᠤ ᠪᠥᠬᠥ ᠣᠷᠣᠨ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ ᠨᠡᠶ᠋ᠢᠲᠡ 763.48 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2023 ᠣᠨ᠎ᠤ 2.6 ᠳᠠᠬᠢᠨ᠂ 2019 ᠣᠨ᠎ᠤ 1.87 ᠳᠠᠬᠢᠨ ᠪᠣᠯᠪᠠ; ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠤᠨ ᠶᠡᠷᠦᠩᠬᠡᠢ ᠵᠠᠷᠤᠳᠠᠯ 50.8 ᠳ᠋ᠦᠩᠰᠢᠭᠤᠷ ᠲᠥᠭᠥᠷᠢᠭ᠎ᠲᠤ ᠬᠦᠷᠴᠦ᠂ 2023 ᠣᠨ᠎ᠤ 3.57 ᠲᠠᠬᠢᠨ᠂ 2019 ᠣᠨ᠎ᠤ 2.45 ᠲᠠᠬᠢᠨ ᠪᠣᠯᠵᠠᠢ᠃ ᠰᠢᠶᠧ ᠴᠧᠩ ᠰᠦᠯᠵᠢᠶᠡᠨ᠎ᠤ ᠪᠦᠷᠢᠳᠬᠡᠯ᠎ᠢ ᠦᠨᠳᠦᠰᠦᠯᠡᠪᠡᠯ᠂ ᠬᠠᠩᠰᠢ ᠵᠢᠨ ᠦᠶ᠎ᠡ᠎ᠳᠤ ᠥᠪᠥᠷ ᠮᠣᠩᠭᠣᠯ᠎ᠤᠨ ᠵᠢᠭᠤᠯᠴᠢᠯᠠᠯ᠎ᠤᠨ ᠵᠠᠬᠢᠶᠠᠯᠠᠭ᠎ᠠ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 103%᠎ᠪᠠᠷ ᠨᠡᠮᠡᠭᠳᠡᠵᠦ᠂ ᠦᠵᠡᠮᠵᠢ ᠵᠢᠨ ᠣᠷᠣᠨ᠎ᠤ ᠡᠭᠦᠳᠡᠨ ᠪᠢᠯᠧᠲ᠎ᠤᠨ ᠵᠠᠬᠢᠶᠠᠯᠠᠭ᠎ᠠ 3053%᠎ᠪᠠᠷ ᠨᠡᠮᠡᠭᠳᠡᠵᠡᠢ᠃ ᠵᠢᠭᠤᠯᠴᠢᠯᠠᠭᠰᠠᠳ᠎ᠤᠨ ᠭᠣᠣᠯ ᠢᠷᠡᠯᠲᠡ᠎ᠨᠢ ᠪᠡᠭᠡᠵᠢᠩ᠂ ᠴᠠᠩᠱ᠌ᠠ᠂ ᠱᠠᠩᠬᠠᠢ᠂ ᠲᠢᠶᠠᠨᠵᠢᠨ᠂ ᠱᠧᠨᠶᠠᠩ ᠵᠡᠷᠭᠡ ᠭᠠᠵᠠᠷ ᠪᠣᠯᠣᠨ᠎ᠠ᠃
      ᠠᠯᠢᠮ᠎ᠠ ᠵᠢᠨ ᠴᠡᠴᠡᠭ ᠳᠡᠯᠭᠡᠷᠡᠬᠦᠶ᠎ᠡ ᠨᠡᠭᠡᠭᠡᠭᠰᠡᠨ ᠬᠠᠩᠰᠢ ᠢᠷᠡᠵᠦ᠂ ᠠᠯᠤᠰ᠎ᠲᠤ ᠪᠠᠢ᠌ᠭ᠎ᠠ ᠵᠠᠯᠠᠭᠤᠰ ᠬᠠᠪᠤᠷ᠎ᠢ ᠡᠷᠢᠨ ᠬᠡᠰᠦᠨ᠎ᠡ᠃ ᠬᠠᠩᠰᠢ ᠵᠢᠨ ᠠᠮᠠᠷᠠᠯᠲᠠ᠎ᠳᠤ ᠬᠥᠮᠥᠰ ᠰᠢᠷᠣᠢ ᠨᠡᠮᠡᠬᠦ᠂ ᠳᠤᠷᠠᠰᠤᠨ ᠰᠠᠨᠠᠭ᠋ᠠᠯᠵᠠᠬᠤ᠎ᠠᠴᠠ ᠭᠠᠳᠠᠨ᠎ᠠ᠂ ᠬᠥᠳᠡᠭᠡ ᠭᠠᠷᠬᠤ᠂ ᠴᠡᠴᠡᠭ ᠰᠣᠨᠢᠷᠬᠠᠬᠤ᠎ᠨᠢ ᠠᠮᠠᠷᠠᠯᠲᠠ ᠵᠢᠨ ᠭᠣᠣᠯ ᠬᠥᠳᠡᠯᠭᠡᠭᠡᠨ ᠪᠣᠯᠵᠤ᠂ ᠪᠦᠬᠦ ᠣᠷᠣᠨ᠎ᠤ ᠡᠯ᠎ᠡ ᠭᠠᠵᠠᠷ᠎ᠤᠳ ᠡᠯᠪᠡᠭ ᠪᠠᠶᠠᠯᠢᠭ ᠰᠣᠶᠣᠯ ᠵᠢᠭᠤᠯᠴᠢᠯᠠᠯ᠎ᠤᠨ ᠬᠥᠳᠡᠯᠭᠡᠭᠡᠨ ᠪᠡᠯᠡᠳᠬᠡᠵᠦ 《ᠬᠠᠪᠤᠷ᠎ᠤᠨ ᠠᠵᠤ ᠠᠬᠤᠢ》 ᠵᠢ ᠠᠬᠢᠭᠤᠯᠪᠠ᠃ 4 ᠳ᠋ᠦ᠍ᠭᠡᠷ ᠰᠠᠷ᠎ᠠ ᠵᠢᠨ ᠡᠬᠢᠨ ᠵᠶ᠋ᠡᠷ᠂ ᠮᠢᠷᠠᠯᠵᠠᠨ ᠳᠡᠯᠭᠡᠷᠡᠭᠰᠡᠨ ᠲᠤᠭᠤᠷ᠎ᠤᠨ ᠴᠡᠴᠡᠭ᠎ᠨᠢ ᠲᠤᠶᠠᠭ᠎ᠠ ᠰᠢᠭ᠋ ᠳᠤᠷᠳᠤᠩ ᠰᠢᠭ᠋ ᠰᠠᠢ᠌ᠬᠠᠨ ᠴᠠᠭ ᠵᠶ᠋ᠠᠷ ᠬᠥᠬᠡᠬᠣᠲᠠ 10 ᠵᠤᠷᠪᠤᠰ ᠴᠡᠴᠡᠭ ᠰᠣᠨᠢᠷᠬᠠᠬᠤ ᠱᠤᠭᠤᠮ ᠭᠠᠷᠭ᠋ᠠᠵᠤ᠂ ᠡᠭᠦᠨ᠎ᠳᠤ ᠬᠦᠢ᠍ᠯᠡᠰᠦᠨ᠎ᠤ ᠴᠡᠴᠡᠭ ᠰᠣᠨᠢᠷᠬᠠᠬᠤ ᠱᠤᠭᠤᠮ 4᠂ ᠲᠤᠭᠤᠷ᠎ᠤᠨ ᠴᠡᠴᠡᠭ ᠰᠣᠨᠢᠷᠬᠠᠬᠤ ᠱᠤᠭᠤᠮ 4᠂ ᠲᠤᠭᠤᠷ᠎ᠤᠨ ᠴᠡᠴᠡᠭ᠂ ᠡᠯᠪᠡᠭᠡᠲᠦ ᠰᠣᠨᠢᠷᠬᠠᠬᠤ ᠱᠤᠭᠤᠮ 1᠂ ᠭᠣᠣᠯᠲᠤ ᠪᠣᠷᠣ ᠰᠣᠨᠢᠷᠬᠠᠬᠤ ᠱᠤᠭᠤᠮ 1 ᠵᠢ ᠪᠠᠭᠲᠠᠭ᠋ᠠᠨ᠎ᠠ᠃ ᠡᠭᠦᠨ᠎ᠤ ᠬᠠᠮᠲᠤ᠂ ᠲᠦᠩᠯᠢᠶᠣᠣ᠂ ᠪᠠᠶᠠᠨᠨᠠᠭᠤᠷ᠂ ᠠᠯᠠᠱ᠌ᠠ᠂ ᠬᠥᠯᠥᠨ ᠪᠤᠢ᠍ᠢ᠍ᠷ ᠵᠡᠷᠭᠡ ᠠᠢ᠌ᠮᠠᠭ ᠬᠤᠳᠠ᠎ᠨᠤᠭᠤᠳ ᠵᠠᠯᠭ᠋ᠠᠭ᠎ᠠ ᠵᠠᠯᠭ᠋ᠠᠭ᠎ᠠ᠎ᠪᠠᠷ ᠴᠡᠴᠡᠭ ᠰᠣᠨᠢᠷᠬᠠᠬᠤ ᠵᠠᠮ ᠱᠤᠭᠤᠮ᠂ ᠴᠡᠴᠡᠭ ᠰᠣᠨᠢᠷᠬᠠᠬᠤ ᠵᠦᠭᠯᠡᠭᠦᠷ ᠭᠠᠷᠭ᠋ᠠᠵᠤ᠂ ᠵᠢᠭᠤᠯᠴᠢᠯᠠᠭᠰᠠᠳ᠎ᠲᠤ ᠬᠠᠪᠤᠷ᠎ᠤᠨ ᠥᠩᠭᠡ ᠦᠵᠡᠮᠵᠢ ᠵᠢ ᠰᠣᠨᠢᠷᠬᠠᠭᠤᠯᠪᠠ᠃
      ᠠᠷᠠᠳ᠎ᠤᠨ ᠵᠠᠩ ᠦᠢ᠍ᠯᠡ ᠵᠢᠨ ᠲᠣᠭᠯᠠᠯᠲᠠ᠎ᠨᠢ ᠠᠮᠠᠷᠠᠯᠲᠠ ᠵᠢ ᠨᠡᠩ ᠰᠠᠢ᠌ᠬᠠᠨ ᠵᠶ᠋ᠠᠷ ᠴᠢᠮᠡᠭᠯᠡᠪᠡ᠃ ᠡᠨᠡ ᠬᠡᠳᠦᠨ ᠡᠳᠦᠷ᠂ ᠬᠥᠬᠡᠬᠣᠲᠠ ᠵᠢᠨ ᠭᠦᠩᠵᠦ ᠵᠢᠨ ᠣᠷᠳᠣᠨ᠎ᠤ ᠴᠡᠴᠡᠷᠯᠢᠭ᠎ᠲᠤ ᠲᠤᠭᠤᠷ᠎ᠤᠨ ᠴᠡᠴᠡᠭ ᠳᠡᠯᠭᠡᠷᠡᠵᠦ᠂ ᠬᠠᠪᠤᠷ᠎ᠤᠨ ᠦᠵᠡᠮᠵᠢ᠎ᠨᠢ ᠲᠣᠭ᠎ᠠ ᠲᠣᠮᠰᠢ ᠦᠭᠡᠢ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠵᠤ᠂ ᠭᠦᠩᠵᠦ ᠵᠢᠨ ᠣᠷᠳᠣᠨ ᠮᠦᠽᠧᠢ 《ᠬᠠᠪᠤᠷ᠎ᠤᠨ ᠵᠠᠬᠢᠶ᠎ᠠ᠎ᠪᠠᠷ ᠰᠡᠳᠬᠢᠯ᠎ᠢ ᠴᠢᠨᠢ ᠪᠠᠶᠠᠰᠬᠠᠨ᠎ᠠ》 ᠭᠡᠬᠦ ᠬᠥᠳᠡᠯᠭᠡᠭᠡᠨ ᠥᠷᠨᠢᠭᠦᠯᠵᠦ᠂ ᠵᠢᠭᠤᠯᠴᠢᠯᠠᠭᠰᠠᠳ ᠴᠢᠩᠲ᠋ᠤᠸᠠᠨ ᠪᠠᠷᠢᠬᠤ᠂ ᠴᠠᠭ᠋ᠠᠰᠤᠨ ᠰᠢᠪᠠᠭᠤ ᠬᠢᠬᠦ᠂ ᠴᠠᠭ᠋ᠠᠰᠤᠨ ᠰᠢᠬᠦᠷ ᠵᠢᠷᠤᠬᠤ ᠵᠡᠷᠭᠡ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠪᠤ ᠴᠡᠩᠭᠡᠯ᠎ᠢ ᠡᠳ᠋ᠯᠡᠵᠦ ᠪᠣᠯᠣᠨ᠎ᠠ᠃ ᠬᠠᠩᠰᠢ ᠵᠢᠨ ᠠᠮᠠᠷᠠᠯᠲᠠ᠎ᠳᠤ᠂ ᠴᠥᠭᠡᠨ ᠪᠤᠰᠤ ᠦᠵᠡᠮᠵᠢ ᠵᠢᠨ ᠣᠷᠣᠨ᠎ᠨᠤᠭᠤᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠣᠭᠯᠠᠯᠲᠠ ᠭᠠᠷᠭ᠋ᠠᠵᠤ᠂ ᠵᠢᠭᠤᠯᠴᠢᠯᠠᠭᠰᠠᠳ᠎ᠲᠤ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠵᠢ ᠮᠡᠳᠡᠷᠡᠭᠦᠯᠪᠡ᠃
      ᠬᠠᠩᠰᠢ ᠵᠢᠨ ᠦᠶ᠎ᠡ᠎ᠪᠠᠷ ᠡᠪᠡᠰᠦ ᠮᠣᠳᠣ ᠨᠠᠬᠢᠶᠠᠯᠠᠭᠰᠠᠨ᠎ᠨᠢ ᠰᠤᠳᠤᠯᠤᠨ ᠰᠣᠷᠣᠯᠴᠠᠬᠤ ᠬᠥᠳᠡᠯᠭᠡᠭᠡᠨ ᠥᠷᠨᠢᠭᠦᠯᠬᠦ᠎ᠳᠤ ᠮᠠᠰᠢ ᠲᠣᠬᠢᠷᠠᠮᠵᠢᠲᠠᠢ᠃ ᠣᠢ᠌ᠯᠠᠭ᠋ᠠᠭᠰᠠᠨ ᠵᠶ᠋ᠠᠷ᠂ 4 ᠳ᠋ᠦ᠍ᠭᠡᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ ᠵᠢᠨ ᠡᠷᠢᠶᠡᠨ ᠬᠣᠲᠠ ᠵᠢᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠥᠷᠲᠡᠭᠡ᠎ᠨᠢ ᠬᠢᠯᠢ᠎ᠪᠠᠷ ᠣᠷᠣᠵᠤ ᠭᠠᠷᠬᠤ ᠬᠥᠮᠥᠰ᠎ᠢ ᠨᠡᠶ᠋ᠢᠲᠡ 1.1049 ᠲᠦᠮᠡᠨ ᠬᠥᠮᠥᠨ ᠤᠳᠠᠭ᠎ᠠ ᠪᠠᠢ᠌ᠴᠠᠭ᠋ᠠᠨ ᠥᠩᠭᠡᠷᠡᠭᠦᠯᠵᠦ᠂ ᠪᠣᠭᠣᠮᠲᠠ ᠵᠢ ᠰᠡᠷᠭᠦᠭᠡᠭᠰᠡᠨ᠎ᠠᠴᠠ ᠨᠠᠭ᠋ᠠᠰᠢᠬᠢ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃ ᠡᠷᠢᠶᠡᠨ ᠬᠣᠲᠠ ᠵᠢᠨ ᠪᠣᠭᠣᠮᠲᠠ ᠵᠢᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ 4 ᠳ᠋ᠦ᠍ᠭᠡᠷ ᠰᠠᠷ᠎ᠠ᠎ᠳᠤ ᠮᠣᠩᠭᠣᠯ ᠤᠯᠤᠰ᠎ᠤᠨ ᠰᠤᠷᠭ᠋ᠠᠭᠤᠯᠢ᠎ᠨᠤᠭᠤᠳ 10 ᠡᠳᠦᠷ᠎ᠤᠨ ᠬᠠᠪᠤᠷ᠎ᠤᠨ ᠠᠮᠠᠷᠠᠯᠲᠠ ᠲᠠᠯᠪᠢᠭᠰᠠᠨ᠎ᠨᠢ ᠶᠠᠭ ᠰᠠᠢ᠌ᠬᠠᠨ ᠳᠤᠮᠳᠠᠳᠤ ᠤᠯᠤᠰ᠎ᠤᠨ ᠬᠠᠩᠰᠢ ᠵᠢᠨ ᠠᠮᠠᠷᠠᠯᠲᠠ᠎ᠲᠠᠢ ᠲᠣᠬᠢᠶᠠᠯᠳᠤᠵᠤ᠂ ᠬᠢᠯᠢ ᠵᠢᠨ ᠪᠣᠭᠣᠮᠲᠠ᠎ᠳᠤ ᠬᠢᠯᠢ ᠠᠯᠤᠰᠯᠠᠭᠰᠠᠨ ᠵᠢᠭᠤᠯᠴᠢᠯᠠᠯ᠎ᠤᠨ ᠣᠷᠭᠢᠯ ᠦᠶ᠎ᠡ ᠵᠢ ᠤᠭᠲᠤᠪᠠ᠃ ᠣᠢ᠌ᠷ᠎ᠠ᠎ᠳᠤ ᠠᠭᠤᠷ ᠠᠮᠢᠰᠬᠤᠯ ᠳᠤᠯᠠᠭ᠋ᠠᠷᠠᠬᠤ ᠵᠢ ᠳᠠᠭ᠋ᠠᠯᠳᠤᠨ᠂ ᠬᠢᠯᠢ᠎ᠪᠠᠷ ᠣᠷᠣᠵᠤ ᠭᠠᠷᠬᠤ ᠤᠷᠤᠰᠬᠠᠯ᠎ᠤᠨ ᠬᠡᠮᠵᠢᠶ᠎ᠡ ᠥᠨᠳᠥᠷ ᠪᠠᠢ᠌ᠷᠢ᠎ᠪᠠᠨ ᠦᠷᠭᠦᠯᠵᠢᠯᠡᠨ ᠪᠠᠲᠤᠯᠠᠬᠤ ᠪᠣᠯᠣᠨ᠎ᠠ᠃
    ᠰᠣᠶᠣᠯ᠎ᠤᠨ ᠥᠩᠭᠡᠷᠡᠭᠡᠯᠲᠡ᠎ᠲᠠᠢ ᠤᠶᠠᠯᠳᠤᠭᠤᠯᠤᠨ᠂ ᠴᠥᠭᠡᠨ ᠪᠤᠰᠤ ᠰᠣᠶᠣᠯ᠎ᠤᠨ ᠦᠵᠡᠰᠬᠦᠯᠡᠩ᠎ᠤᠨ ᠲᠠᠯᠠᠪᠠᠶ ᠣᠷᠳᠣᠨ᠎ᠳᠤ ᠥᠪᠡᠷᠮᠢᠴᠡ ᠣᠨᠴᠠᠯᠢᠭ᠎ᠲᠠᠢ ᠦᠢ᠍ᠯᠡᠴᠢᠯᠡᠭᠡ ᠬᠠᠩᠭ᠋ᠠᠪᠠ᠃ ᠥᠪᠥᠷ ᠮᠣᠩᠭᠣᠯ ᠮᠦᠽᠧᠢ ᠬᠤᠪᠢᠰᠬᠠᠯ᠎ᠤᠨ ᠦᠵᠡᠭᠦᠯᠭᠡ ᠵᠢᠨ ᠲᠤᠰᠬᠠᠢ ᠱᠤᠭᠤᠮ᠎ᠤᠨ ᠲᠠᠢ᠌ᠯᠤᠮᠵᠢ᠂ 《ᠴᠠᠭ᠋ᠠᠰᠤᠨ ᠰᠢᠪᠠᠭᠤ ᠵᠢᠷᠤᠬᠤ》 ᠬᠠᠪᠤᠷ ᠵᠶ᠋ᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠳᠤᠯᠤᠨ ᠰᠣᠷᠣᠯᠴᠠᠬᠤ ᠥᠩᠭᠡᠷᠡᠭᠡᠯᠲᠡ᠂ ᠡᠭᠦᠯᠡᠨ ᠳᠡᠭᠡᠷᠡᠬᠢ ᠬᠠᠩᠰᠢ ᠁ ᠤᠯᠠᠨ ᠵᠦᠢ᠍ᠯ᠎ᠤᠨ ᠭᠣᠣᠯ ᠰᠡᠳᠦᠪᠲᠦ ᠬᠥᠳᠡᠯᠭᠡᠭᠡᠨ ᠥᠷᠨᠢᠭᠦᠯᠵᠦ ᠦᠵᠡᠭᠴᠢᠳ᠎ᠤᠨ ᠠᠩᠬᠠᠷᠤᠯ᠎ᠢ ᠲᠠᠲᠠᠪᠠ᠃ ᠣᠯᠠᠨ ᠵᠶ᠋ᠠᠷ ᠵᠶ᠋ᠠᠨ ᠮᠦᠽᠧᠢ᠎ᠳᠤ ᠬᠠᠩᠰᠢ ᠵᠢᠨ ᠡᠳᠦᠷ᠎ᠤᠨ ᠵᠠᠩ ᠳᠠᠳᠬᠠᠯ᠎ᠢ ᠡᠷᠭᠢᠴᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠲᠠᠢ ᠣᠢ᠌ᠷᠠᠲᠤᠨ ᠣᠢ᠌ᠯᠠᠭ᠋ᠠᠪᠠ᠃ ᠥᠪᠥᠷ ᠮᠣᠩᠭᠣᠯ ᠮᠦᠽᠧᠢ ᠬᠠᠩᠰᠢ ᠵᠢᠨ ᠠᠮᠠᠷᠠᠯᠲᠠ᠎ᠳᠤ ᠦᠵᠡᠭᠴᠢᠳ᠎ᠢ ᠨᠡᠶ᠋ᠢᠲᠡ 4.3 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ ᠦᠵᠡᠭᠴᠢᠳ᠎ᠤᠨ 3.2 ᠳᠠᠬᠢᠨ ᠪᠣᠯᠵᠤ᠂ ᠡᠯ᠎ᠡ ᠲᠥᠷᠥᠯ᠎ᠤᠨ ᠨᠡᠢ᠌ᠭᠡᠮ ᠬᠥᠮᠦᠵᠢᠯ᠎ᠤᠨ ᠠᠵᠢᠯᠯᠠᠭ᠎ᠠ ᠵᠢ ᠨᠡᠶ᠋ᠢᠲᠡ 30 ᠤᠳᠠᠭ᠎ᠠ ᠡᠷᠭᠢᠯᠡᠵᠦ᠂ ᠰᠦᠯᠵᠢᠶᠡᠨ ᠳᠡᠭᠡᠷᠡᠬᠢ ᠠᠵᠢᠯᠯᠠᠭ᠎ᠠ ᠵᠢ ᠤᠩᠰᠢᠭᠰᠠᠨ ᠬᠡᠮᠵᠢᠶ᠎ᠡ 4 ᠲᠦᠮᠡᠨ ᠤᠳᠠᠭ᠎ᠠ᠎ᠳᠤ ᠬᠦᠷᠴᠡᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠬᠢᠴᠠ ᠪᠥᠬᠥ ᠤᠯᠤᠰ᠎ᠲᠤ ᠲᠡᠷᠢᠭᠦᠯᠡᠪᠡ
ᠬᠤᠸᠠᠩ ᡁᠢ ᠴᠢᠶᠠᠩ ᠳ᠋ᠠᠢ᠌ᠲ᠋ᠠ ᠵᠢᠨ ᠲᠥᠪ᠎ᠤᠨ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠪᠠᠲᠤᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ ᠪᠣᠳᠣᠬᠤ ᠬᠦᠴᠦᠨ ᠴᠠᠬᠢᠯᠭ᠋ᠠᠨ ᠬᠦᠴᠦᠨ᠎ᠢ ᠬᠠᠮᠵᠢᠯᠴᠠᠭᠤᠯᠤᠨ ᠪᠠᠢ᠌ᠷᠢᠰᠢᠭᠤᠯᠬᠤ ᠵᠢ ᠰᠠᠢ᠌ᠲᠤᠷ ᠨᠢᠭᠡᠳᠦᠯᠲᠡᠢ ᠲᠥᠯᠥᠪᠯᠡᠵᠦ ᠭᠦᠢ᠍ᠴᠡᠳ ᠲᠣᠭᠲᠠᠭᠤᠨ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ
ᠰᠦᠨ ᠵᠢᠶᠦ᠋ᠨ ᠴᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠠᠩᠬᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠬᠣᠶᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠪᠠ
ᠰᠦᠨ ᠵᠢᠶᠦ᠋ᠨ ᠴᠢᠩ ᠵᠢᠨ ᡁᠢ ᠵᠢᠶᠦ᠋ᠨ ᠠᠺᠠᠳᠧᠮᠢᠴᠢ ᠨᠡᠷ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ ᠳᠥᠷᠪᠡᠳᠦᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
 
            