ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠬᠢᠴᠠ ᠪᠥᠬᠥ ᠤᠯᠤᠰ᠎ᠲᠤ ᠲᠡᠷᠢᠭᠦᠯᠡᠪᠡ
ᠨᠡᠶ᠋ᠢᠲᠡᠯᠡᠭᠰᠡᠨ ᠴᠠᠭ᠄ 2024-04-07


      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠣᠢ᠌ᠷ᠎ᠠ᠎ᠳᠤ᠂ ᠮᠠᠨ᠎ᠤ ᠣᠷᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠪᠠ ᠬᠥᠳᠡᠭᠡ ᠲᠣᠰᠬᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠵᠢᠨ ᠲᠥᠷᠥᠯ᠎ᠤᠨ ᠭᠡᠷ ᠪᠠᠢ᠌ᠰᠢᠩ᠎ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ (ᠳᠣᠷᠣᠭᠰᠢ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠭᠡᠵᠦ ᠲᠣᠪᠴᠢᠯᠠᠪᠠ) ᠵᠢᠨ ᠠᠵᠢᠯ᠎ᠢ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠵᠠᠷᠯᠠᠨ ᠰᠠᠢ᠌ᠰᠢᠶᠠᠪᠠ᠃ ᠣᠳᠣᠬᠠᠨ᠎ᠳᠤ᠂ ᠮᠠᠨ᠎ᠤ ᠣᠷᠣᠨ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠤᠨ ᠡᠭᠦᠷᠭᠡ᠎ᠪᠠᠨ ᠦᠨᠳᠦᠰᠦᠨ᠎ᠳᠤ᠎ᠪᠠᠨ ᠪᠡᠶᠡᠯᠡᠭᠦᠯᠵᠦ᠂ ᠬᠥᠳᠡᠭᠡ ᠲᠣᠰᠬᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠵᠢᠨ ᠲᠥᠷᠥᠯ᠎ᠤᠨ ᠭᠡᠷ ᠪᠠᠢ᠌ᠰᠢᠩ᠎ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ᠵᠢᠨ ᠠᠵᠢᠯ᠎ᠤᠨ ᠠᠬᠢᠴᠠ 98%᠎ᠠᠴᠠ ᠳᠡᠭᠡᠭᠰᠢ᠎ᠳᠤ ᠬᠦᠷᠴᠦ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠬᠢᠴᠠ ᠴᠥᠮ ᠪᠥᠬᠥ ᠤᠯᠤᠰ᠎ᠲᠤ ᠲᠡᠷᠢᠭᠦᠯᠡᠪᠡ᠃
    ᠬᠢᠩᠭ᠋ᠠᠨ ᠠᠢ᠌ᠮᠠᠭ᠎ᠤᠨ ᠤᠯᠠᠭ᠋ᠠᠨᠬᠣᠲᠠ ᠪᠥᠬᠥ ᠤᠯᠤᠰ᠎ᠤᠨ ᠠᠩᠬᠠᠳᠠᠭᠴᠢ ᠬᠥᠳᠡᠭᠡ ᠲᠣᠰᠬᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠵᠢᠨ ᠲᠥᠷᠥᠯ᠎ᠤᠨ ᠭᠡᠷ ᠪᠠᠢ᠌ᠰᠢᠩ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠦᠭᠰᠡᠨ ᠲᠤᠷᠰᠢᠯᠲᠠ ᠵᠢᠨ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠵᠢᠯ᠎ᠤᠨ ᠳᠤᠮᠳᠠ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠢᠳᠡᠪᠬᠢᠲᠡᠢ ᠰᠤᠷᠤᠯᠴᠠᠨ ᠬᠡᠷᠡᠭᠯᠡᠵᠦ᠂ ᠬᠣᠲᠠ ᠵᠢᠨ ᠬᠡᠪᠴᠢᠶᠡᠨ᠎ᠳᠤ ᠪᠠᠯᠭ᠋ᠠᠰᠤ ᠲᠣᠰᠬᠣᠨ ᠠᠯᠤᠰᠯᠠᠨ ᠰᠢᠯᠵᠢᠭᠦᠯᠦᠨ ᠥᠭᠬᠦ᠂ ᠬᠦᠷᠢᠶᠡᠨ᠎ᠳᠤ ᠡᠷᠦᠬᠡ ᠰᠠᠯᠭ᠋ᠠᠬᠤ᠂ 《ᠭᠤᠷᠪᠠᠨ ᠡᠷᠬᠡ ᠵᠢ ᠰᠠᠯᠭ᠋ᠠᠬᠤ》 ᠵᠢ ᠳᠠᠩᠰᠠᠯᠠᠬᠤ ᠵᠡᠷᠭᠡ ᠲᠤᠷᠰᠢᠯᠭ᠎ᠠ ᠠᠷᠭ᠎ᠠ ᠬᠢᠳᠡᠯ᠎ᠢ ᠰᠢᠨ᠎ᠡ ᠵᠢ ᠡᠭᠦᠳᠦᠨ ᠰᠦᠪᠡᠭᠴᠢᠯᠡᠪᠡ᠃ ᠲᠣᠰ ᠬᠣᠲᠠ᠎ᠨᠢ ᠪᠥᠬᠥ ᠣᠷᠣᠨ᠎ᠳᠤ ᠠᠩᠬᠠᠳᠠᠭᠴᠢ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠬᠢᠷᠢ ᠬᠡᠮ᠎ᠤᠨ ᠡᠷᠬᠡ ᠵᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠣᠨ᠎ᠤ ᠭᠡᠷ ᠪᠠᠢ᠌ᠰᠢᠩ (ᠣᠷᠣᠨ ᠰᠠᠭᠤᠴᠠ ᠵᠢᠨ ᠭᠠᠵᠠᠷ)᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠡᠷᠭᠢᠯᠳᠦᠭᠦᠯᠵᠦ ᠠᠷᠠᠯᠵᠢᠶᠠᠯᠠᠬᠤ ᠬᠢᠨᠠᠨ ᠲᠣᠭᠲᠠᠭ᠋ᠠᠯᠲᠠ ᠵᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠣᠨ᠎ᠤ ᠥᠮᠴᠢᠯᠡᠯ᠎ᠤᠨ ᠡᠷᠬᠡ ᠵᠢᠨ ᠪᠤᠰᠤᠳ ᠵᠦᠢ᠍ᠯ᠎ᠤᠨ ᠡᠷᠬᠡ ᠵᠢᠨ ᠦᠨᠡᠮᠯᠡᠯ᠎ᠢ ᠬᠠᠮᠤᠭ᠎ᠤᠨ ᠲᠦᠷᠦᠭᠦᠨ᠎ᠳᠤ ᠣᠯᠭᠣᠪᠠ᠃ ᠨᠡᠢ᠌ᠲᠡᠯᠡᠨ ᠬᠡᠷᠡᠭᠵᠢᠭᠦᠯᠦᠭᠰᠡᠨ 《ᠤᠯᠠᠭ᠋ᠠᠨᠬᠣᠲᠠ ᠵᠢᠨ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠡᠷᠭᠢᠯᠳᠦᠭᠦᠯᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》᠎ᠨᠢ ᠤᠯᠤᠰ᠎ᠤᠨ ᠳᠦᠷᠢᠮ᠎ᠤᠨ ᠪᠢᠴᠢᠭ ᠮᠠᠲ᠋ᠧᠷᠢᠶᠠᠯ᠎ᠤᠳ᠎ᠤᠨ ᠡᠮᠬᠢᠳᠬᠡᠯ᠎ᠳᠤ ᠰᠣᠩᠭᠣᠭᠳᠠᠨ ᠣᠷᠣᠵᠠᠢ᠃ ᠤᠯᠠᠭ᠋ᠠᠨᠬᠣᠲᠠ ᠪᠠᠰᠠ ᠪᠥᠬᠥ ᠤᠯᠤᠰ᠎ᠤᠨ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠭ᠎ᠠ ᠰᠣᠯᠢᠯᠴᠠᠬᠤ ᠬᠤᠷᠠᠯ᠎ᠢ ᠳᠠᠭ᠋ᠠᠭ᠋ᠠᠨ ᠡᠷᠭᠢᠯᠡᠵᠦ᠂ ᠪᠥᠬᠥ ᠤᠯᠤᠰ᠎ᠤᠨ ᠬᠣᠶᠠᠷ ᠵᠦᠢ᠍ᠯ᠎ᠤᠨ ᠲᠤᠷᠰᠢᠯᠲᠠ ᠵᠢᠨ ᠠᠵᠢᠯ᠎ᠤᠨ ᠬᠤᠷᠠᠯ ᠳᠡᠭᠡᠷ᠎ᠡ ᠨᠡᠢ᠌ᠲᠡᠯᠢᠭ ᠶᠠᠷᠢᠶ᠎ᠠ ᠲᠠᠯᠪᠢᠵᠤ᠂ ᠣᠷᠣᠨ ᠰᠠᠭᠤᠴᠠ ᠵᠢᠨ ᠭᠠᠵᠠᠷ᠎ᠤᠨ ᠣᠯᠠᠨ ᠵᠦᠢ᠍ᠯ᠎ᠤᠨ ᠦᠨ᠎ᠡ ᠥᠷᠲᠡᠭ ᠪᠠ ᠴᠢᠳᠠᠮᠵᠢ ᠵᠢ ᠠᠭᠤᠳᠠᠯᠬᠤ᠎ᠪᠠᠨ ᠲᠠᠰᠤᠷᠠᠯᠲᠠ ᠦᠭᠡᠢ ᠠᠬᠢᠭᠤᠯᠵᠤ᠂ ᠭᠠᠵᠠᠷ ᠰᠢᠷᠣᠢ ᠵᠢᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠪᠠ᠃
    ᠣᠢ᠌ᠯᠠᠭ᠋ᠠᠭᠰᠠᠨ ᠵᠶ᠋ᠠᠷ᠂ ᠮᠠᠨ᠎ᠤ ᠣᠷᠣᠨ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ 《ᠬᠣᠶᠠᠷ ᠵᠦᠢ᠍ᠯ᠎ᠤᠨ ᠲᠤᠷᠰᠢᠯᠲᠠ》 ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ 《ᠣᠷᠣᠨ ᠰᠠᠭᠤᠴᠠ ᠵᠢ ᠪᠠᠲᠤᠯᠠᠬᠤ᠂ ᠳᠤᠷ᠎ᠠ᠎ᠪᠠᠷ ᠵᠶ᠋ᠠᠨ ᠪᠠᠷᠢᠬᠤ ᠵᠢ ᠬᠠᠮᠢᠶᠠᠷᠬᠤ᠂ ᠰᠤᠯᠠ ᠲᠠᠯᠪᠢᠭᠳᠠᠵᠤ ᠪᠠᠢ᠌ᠭ᠎ᠠ ᠵᠢ ᠰᠡᠷᠭᠦᠭᠡᠬᠦ》 ᠶᠡᠷᠦᠩᠬᠡᠢ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠬᠦᠷᠢᠶ᠎ᠡ ᠬᠠᠰᠢᠶᠠᠨ ᠎ᠤ ᠠᠵᠤ ᠠᠬᠤᠢ ᠵᠢ ᠬᠥᠭᠵᠢᠭᠦᠯᠬᠦ᠂ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ᠂ 《ᠬᠣᠭᠣᠰᠤᠨ ᠲᠣᠰᠬᠣᠨ》᠎ᠢ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠵᠢᠯ᠎ᠤᠳ᠎ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠠᠬᠢᠭᠤᠯᠪᠠ᠃ ᠣᠷᠣᠨ ᠰᠠᠭᠤᠴᠠ ᠵᠢᠨ ᠭᠠᠵᠠᠷ᠎ᠤᠨ ᠲᠠᠷᠢᠶᠠᠴᠢᠨ ᠡᠷᠦᠬᠡ ᠵᠢᠨ ᠬᠢᠷᠢ ᠬᠡᠮ᠎ᠤᠨ ᠡᠷᠬᠡ ᠵᠢ ᠪᠠᠲᠤᠯᠠᠬᠤ ᠲᠣᠭᠲᠠᠴᠠ᠂ ᠣᠷᠣᠨ ᠰᠠᠭᠤᠴᠠ ᠵᠢᠨ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠡᠷᠭᠢᠯᠳᠦᠭᠦᠯᠬᠦ ᠳᠦᠷᠢᠮ᠂ ᠣᠷᠣᠨ ᠰᠠᠭᠤᠴᠠ ᠵᠢᠨ ᠭᠠᠵᠠᠷ᠎ᠤᠨ ᠬᠡᠷᠡᠭᠯᠡᠬᠦ ᠡᠷᠬᠡ ᠵᠢ ᠪᠠᠷᠢᠴᠠᠭ᠋ᠠᠯᠠᠬᠤ ᠳᠦᠷᠢᠮ᠂ ᠣᠷᠣᠨ ᠰᠠᠭᠤᠴᠠ ᠵᠢᠨ ᠭᠠᠵᠠᠷ᠎ᠤᠨ ᠰᠠᠢ᠌ᠨ ᠳᠤᠷ᠎ᠠ᠎ᠠᠴᠠ᠎ᠪᠠᠨ ᠲᠥᠯᠥᠪᠦᠷᠢ᠎ᠲᠠᠢ᠎ᠪᠠᠷ ᠤᠬᠤᠷᠢᠨ ᠭᠠᠷᠬᠤ ᠲᠣᠭᠲᠠᠴᠠ᠂ ᠣᠷᠣᠨ ᠰᠠᠭᠤᠴᠠ ᠵᠢᠨ ᠭᠠᠵᠠᠷ᠎ᠢ ᠲᠦᠯᠦᠪᠦᠷᠢ᠎ᠲᠠᠢ᠎ᠪᠠᠷ ᠬᠡᠷᠡᠭᠯᠡᠬᠦ ᠳᠦᠷᠢᠮ᠎ᠢ ᠬᠠᠢ᠌ᠨ ᠰᠦᠪᠡᠭᠴᠢᠯᠡᠵᠦ᠂ ᠣᠷᠣᠨ ᠰᠠᠭᠤᠴᠠ ᠵᠢᠨ ᠭᠠᠵᠠᠷ᠎ᠤᠨ ᠬᠠᠮᠲᠤ ᠵᠢᠨ ᠥᠮᠴᠢᠯᠡᠯ᠎ᠤᠨ ᠡᠷᠬᠡ ᠵᠢ ᠬᠡᠷᠡᠭᠵᠢᠭᠦᠯᠬᠦ ᠲᠣᠭᠲᠠᠴᠠ᠂ ᠣᠷᠣᠨ ᠰᠠᠭᠤᠴᠠ ᠵᠢᠨ ᠭᠠᠵᠠᠷ᠎ᠢ ᠬᠢᠨᠠᠨ ᠵᠥᠪᠰᠢᠶᠡᠷᠡᠬᠦ ᠳᠦᠷᠢᠮ᠎ᠢ ᠲᠡᠭᠦᠯᠳᠡᠷᠵᠢᠭᠦᠯᠦᠨ᠂ ᠣᠷᠣᠨ ᠰᠠᠭᠤᠴᠠ ᠵᠢᠨ ᠭᠠᠵᠠᠷ᠎ᠤᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠂ ᠣᠷᠣᠨ ᠰᠠᠭᠤᠴᠠ ᠵᠢᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠬᠦ 《ᠲᠠᠪᠤ ᠵᠢ ᠬᠠᠢ᠌ᠨ ᠰᠦᠪᠡᠭᠴᠢᠯᠡᠵᠦ᠂ ᠬᠣᠶᠠᠷ᠎ᠢ ᠲᠡᠭᠦᠯᠳᠡᠷᠵᠢᠭᠦᠯᠦᠨ᠂ ᠬᠣᠶᠠᠷ᠎ᠢ ᠪᠦᠷᠢᠨᠰᠢᠭᠦᠯᠬᠦ》 ᠥᠭᠡᠷᠡᠴᠢᠯᠡᠯᠲᠡ ᠵᠢᠨ ᠠᠭᠤᠯᠭ᠎ᠠ ᠵᠢᠨ ᠲᠣᠭᠤᠷᠢᠨ᠎ᠳᠤ ᠪᠦᠬᠦ ᠲᠠᠯ᠎ᠠ᠎ᠪᠠᠷ ᠬᠠᠢ᠌ᠨ ᠰᠦᠪᠡᠭᠴᠢᠯᠡᠵᠦ᠂ ᠬᠣᠷᠢᠭ᠎ᠠ ᠱᠤᠭᠤᠮ᠎ᠢ ᠪᠠᠲᠤ ᠰᠠᠬᠢᠬᠤ ᠮᠥᠷᠲᠡᠭᠡᠨ ᠵᠣᠷᠢᠭᠲᠠᠢ᠎ᠪᠠᠷ ᠰᠢᠨ᠎ᠡ ᠵᠢ ᠡᠭᠦᠳᠴᠦ᠂ ᠳᠦᠷᠢᠮ᠎ᠤᠨ ᠪᠠᠢ᠌ᠭᠤᠯᠤᠯᠲᠠ᠂ ᠴᠢᠯᠦᠭᠡᠲᠡᠢ ᠠᠰᠢᠭᠯᠠᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃
    ᠮᠠᠨ᠎ᠤ ᠣᠷᠣᠨ ᠪᠠᠰᠠ ᠣᠷᠣᠨ ᠰᠠᠭᠤᠴᠠ ᠵᠢᠨ ᠭᠠᠵᠠᠷ ᠭᠤᠶᠤᠴᠢᠯᠠᠬᠤ ᠵᠢ ᠬᠢᠨᠠᠨ ᠵᠥᠪᠰᠢᠶᠡᠷᠡᠭᠦᠯᠬᠦ᠂ ᠰᠢᠯᠵᠢᠭᠦᠯᠦᠨ ᠡᠷᠭᠢᠯᠳᠦᠭᠦᠯᠬᠦ᠎ᠠᠴᠠ ᠭᠠᠷᠬᠤ᠂ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ᠂ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ᠂ ᠴᠢᠯᠦᠭᠡᠲᠡᠢ ᠠᠰᠢᠭᠯᠠᠬᠤ ᠵᠡᠷᠭᠡ ᠪᠥᠬᠥ ᠭᠣᠭᠴᠣᠭ᠋ᠠᠨ᠎ᠤ ᠲᠣᠭᠣᠷᠢᠨ᠎ᠳᠤ ᠪᠦᠷᠢᠨ ᠲᠥᠬᠥᠷ ᠳᠦᠷᠢᠮ᠎ᠤᠨ ᠦᠷ᠎ᠡ ᠪᠦᠲᠦᠭᠡᠯ᠎ᠲᠠᠢ ᠪᠣᠯᠪᠠ᠃ ᠡᠭᠦᠨ᠎ᠤ ᠬᠠᠮᠲᠤ᠂ ᠨᠢᠭᠡ ᠪᠦᠯᠦᠭ ᠣᠷᠣᠨ ᠰᠠᠭᠤᠴᠠ ᠵᠢᠨ ᠭᠠᠵᠠᠷ᠎ᠤᠨ ᠡᠬᠢ ᠪᠠᠶᠠᠯᠢᠭ᠎ᠢ ᠰᠡᠷᠭᠦᠭᠡᠵᠦ᠂ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠬᠡᠯᠪᠡᠷᠢ᠂ ᠠᠵᠤ ᠦᠢ᠍ᠯᠡᠰ᠎ᠤᠨ ᠬᠥᠭᠵᠢᠯᠲᠡ ᠵᠢᠨ ᠬᠡᠯᠪᠡᠷᠢ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠡᠯᠪᠡᠷᠢ᠂ ᠬᠦᠷᠢᠶ᠎ᠡ ᠬᠠᠰᠢᠶᠠᠨ᠎ᠤ ᠠᠵᠤ ᠠᠬᠤᠢ ᠵᠢᠨ ᠬᠡᠯᠪᠡᠷᠢ ᠵᠡᠷᠭᠡ 4 ᠵᠦᠢ᠍ᠯ᠎ᠤᠨ ᠴᠢᠯᠦᠭᠡᠲᠡᠢ ᠠᠰᠢᠭᠯᠠᠬᠤ ᠵᠠᠭᠪᠤᠷ᠎ᠢ ᠬᠠᠢ᠌ᠨ ᠰᠦᠪᠡᠭᠴᠢᠯᠡᠵᠦ᠂ 2.5 ᠳ᠋ᠦᠩᠰᠢᠭᠤᠷ ᠲᠥᠭᠥᠷᠢᠭ᠎ᠤᠨ ᠨᠡᠢ᠌ᠭᠡᠮ᠎ᠤᠨ ᠬᠥᠷᠥᠩᠭᠡ ᠵᠢ ᠳᠠᠶ᠋ᠢᠴᠢᠯᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠪᠠ᠃  

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠬᠤᠸᠠᠩ ᡁᠢ ᠴᠢᠶᠠᠩ ᠳ᠋ᠠᠢ᠌ᠲ᠋ᠠ ᠵᠢᠨ ᠲᠥᠪ᠎ᠤᠨ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠪᠠᠲᠤᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ ᠪᠣᠳᠣᠬᠤ ᠬᠦᠴᠦᠨ ᠴᠠᠬᠢᠯᠭ᠋ᠠᠨ ᠬᠦᠴᠦᠨ᠎ᠢ ᠬᠠᠮᠵᠢᠯᠴᠠᠭᠤᠯᠤᠨ ᠪᠠᠢ᠌ᠷᠢᠰᠢᠭᠤᠯᠬᠤ ᠵᠢ ᠰᠠᠢ᠌ᠲᠤᠷ ᠨᠢᠭᠡᠳᠦᠯᠲᠡᠢ ᠲᠥᠯᠥᠪᠯᠡᠵᠦ ᠭᠦᠢ᠍ᠴᠡᠳ ᠲᠣᠭᠲᠠᠭᠤᠨ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ
ᠰᠦᠨ ᠵᠢᠶᠦ᠋ᠨ ᠴᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠠᠩᠬᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠬᠣᠶᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠪᠠ
ᠰᠦᠨ ᠵᠢᠶᠦ᠋ᠨ ᠴᠢᠩ ᠵᠢᠨ ᡁᠢ ᠵᠢᠶᠦ᠋ᠨ ᠠᠺᠠᠳᠧᠮᠢᠴᠢ ᠨᠡᠷ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ ᠳᠥᠷᠪᠡᠳᠦᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            