
4 ᠳ᠋ᠦ᠍ᠭᠡᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ 2024 ᠣᠨ᠎ᠤ 4 ᠳ᠋ᠦ᠍ᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠲᠠᠪᠤᠨ ᠶᠡᠬᠡ ᠡᠭᠦᠷᠭᠡ》᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠵᠢᠴᠢ ᠥᠪᠡᠷᠲᠡᠭᠡᠨ ᠵᠠᠰᠠᠬᠤ ᠣᠷᠣᠨ᠎ᠤ ᠭᠣᠤᠯ ᠤᠳᠤᠷᠢᠳᠤᠯᠭ᠎ᠠ ᠵᠢᠨ ᠴᠣᠬᠣᠯᠠᠪᠤᠷᠢ ᠵᠡᠷᠭᠡ ᠭᠣᠤᠯᠳᠠᠯᠭ᠎ᠠ᠎ᠲᠠᠢ ᠡᠭᠦᠷᠭᠡ ᠠᠷᠭ᠎ᠠ ᠬᠡᠮᠵᠢᠶ᠎ᠡ ᠵᠢ ᠰᠤᠳᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠣᠯᠭᠣᠬᠤ ᠴᠢᠨᠠᠷ ᠰᠠᠢ᠌ᠲᠠᠶ ᠬᠥᠭᠵᠢᠯᠲᠡ ᠵᠢᠨ ᠠᠷᠭ᠎ᠠ ᠬᠡᠮᠵᠢᠶ᠎ᠡ᠎ᠨᠦᠭᠦᠳ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠰᠢᠰᠲ᠋ᠧᠮ᠎ᠢ ᠰᠢᠯᠢᠳᠡᠭᠵᠢᠭᠦᠯᠬᠦ ᠵᠡᠷᠭᠡ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃

ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠣᠯᠭᠣᠬᠤ ᠴᠢᠨᠠᠷ ᠰᠠᠢ᠌ᠲᠠᠢ ᠬᠥᠭᠵᠢᠯᠲᠡ ᠵᠢᠨ ᠦᠵᠦ ᠲᠥᠯᠥᠪᠯᠡᠭᠡ ᠵᠢ ᠴᠢᠨᠠᠭᠰᠢᠳᠠ ᠴᠢᠩᠭ᠋ᠠᠳᠬᠠᠵᠤ᠂ ᠴᠢᠬᠤᠯᠠ ᠶᠡᠬᠡ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠣᠨᠳᠣᠣᠰᠢᠭᠤᠯᠬᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢ ᠪᠣᠢ᠌ᠵᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠪᠠᠢ᠌ᠷᠢᠯᠠᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠲᠣᠭᠣᠷᠢᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠰᠢᠰᠲ᠋ᠧᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠯᠡ ᠮᠥᠩᠭᠥ ᠵᠢᠨ ᠬᠦᠴᠦ᠎ᠪᠠᠨ ᠲᠥᠪᠯᠡᠷᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠬᠦᠴᠦᠯᠡᠨ ᠠᠬᠢᠭᠤᠯᠬᠤ ᠬᠡᠷᠡᠭᠲᠡᠢ᠃ ᠬᠦᠴᠦ᠎ᠪᠠᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠲᠦᠷᠢᠮ᠎ᠤᠨ ᠳᠠᠪᠠᠭᠤᠯᠢᠭ᠎ᠢ ᠪᠠᠳᠠᠷᠠᠭᠤᠯᠵᠤ᠂ ᠭᠣᠣᠯᠳᠠᠯᠭ᠎ᠠ᠎ᠲᠠᠢ ᠭᠣᠭᠴᠣᠭ᠎ᠠ ᠵᠢ ᠨᠢᠭᠡᠳᠦᠯᠲᠡᠢ ᠲᠥᠯᠥᠪᠵᠢᠭᠦᠯᠬᠦ᠂ ᠴᠢᠬᠤᠯᠠ ᠶᠡᠬᠡ ᠡᠭᠦᠷᠭᠡ ᠵᠢ ᠵᠣᠬᠢᠶᠠᠨ ᠪᠠᠢ᠌ᠭᠤᠯᠵᠤ ᠵᠣᠬᠢᠴᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠦᠬᠦ ᠬᠡᠯᠬᠢᠶᠡᠨ᠎ᠤ ᠬᠠᠮᠢᠶᠠᠷᠤᠯᠲᠠ ᠵᠢᠴᠢ ᠰᠠᠯᠠᠭ᠎ᠠ ᠮᠥᠴᠢᠷ᠎ᠤᠨ ᠬᠣᠭᠣᠷᠣᠨᠳᠣᠬᠢ ᠵᠣᠬᠢᠴᠠᠭᠤᠯᠤᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ《ᠵᠢᠵᠢᠭ ᠭᠠᠷᠳᠠᠯ》᠎ᠢ ᠰᠢᠨ᠎ᠡ ᠵᠢ ᠡᠭᠦᠳᠬᠦ ᠬᠥᠭᠵᠢᠯᠲᠡ ᠵᠢᠨ 《ᠰᠢᠨ᠎ᠡ ᠲᠤᠯᠭ᠋ᠠᠭᠤᠷᠢᠯᠠᠬᠤ ᠴᠡᠭ》ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠬᠦᠷᠢᠢ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢ ᠠᠬᠢᠭᠤᠯᠤᠨ ᠮᠥᠨ ᠴᠢᠨᠠᠷ᠎ᠤᠨ ᠠᠬᠢᠴᠠ᠎ᠲᠠᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠠᠵᠢᠯ᠎ᠤᠨ ᠲᠣᠭᠲᠠᠴᠠ ᠪᠣᠯᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠲᠥᠰᠦᠯ ᠵᠶ᠋ᠡᠨ ᠨᠠᠷᠢᠯᠢᠬ᠍ᠵᠢᠭᠤᠯᠵᠤ᠂ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠵᠣᠷᠢᠭᠲᠠᠢ᠎ᠪᠠᠷ ᠬᠠᠢ᠌ᠨ ᠰᠦᠪᠡᠭᠴᠢᠯᠡᠵᠦ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ ᠣᠪᠣᠷ ᠵᠶ᠋ᠠᠷ 《ᠬᠥᠭᠵᠢᠭᠡᠳᠦᠢ ᠭᠠᠵᠠᠷ ᠣᠷᠣᠨ》᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠬᠦ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃ ᠲᠢᠩᠬᠢᠮ᠎ᠤᠨ ᠤᠳᠤᠷᠢᠳᠤᠯᠭ᠎ᠠ᠂ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃