ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ 24 ᠵᠦᠢ᠍ᠯ᠎ᠤᠨ ᠠᠷᠭ᠎ᠠ ᠬᠡᠮᠵᠢᠶ᠎ᠡ ᠨᠡᠢ᠌ᠲᠡᠯᠡᠵᠦ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠵᠢ ᠳᠡᠮᠵᠢᠪᠡ
ᠨᠡᠶ᠋ᠢᠲᠡᠯᠡᠭᠰᠡᠨ ᠴᠠᠭ᠄ 2024-04-08


    ᠣᠢ᠌ᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤᠯᠤᠰ᠎ᠤᠨ ᠲᠡᠮᠦᠷ ᠵᠠᠮ᠎ᠤᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠤ ᠠᠭ᠋ᠠᠷ ᠠᠶᠠᠯᠠᠯ᠎ᠤᠨ ᠲᠣᠪᠴᠢᠶ᠎ᠠ᠂ ᠤᠯᠤᠰ᠎ᠤᠨ ᠰᠢᠤᠳᠠᠨ᠎ᠤ ᠲᠣᠪᠴᠢᠶ᠎ᠠ᠂ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠯᠤᠭ᠎ᠠ ᠬᠠᠮᠲᠤᠷᠠᠨ 《ᠰᠢᠨ᠎ᠡ ᠴᠠᠭ ᠦᠶ᠎ᠡ ᠵᠢᠨ ᠵᠡᠭᠦᠨ ᠬᠣᠢ᠌ᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠥᠪᠥᠷ ᠮᠣᠩᠭᠣᠯ᠎ᠤᠨ 〈ᠲᠠᠪᠤᠨ ᠶᠡᠬᠡ ᠡᠭᠦᠷᠭᠡ〉 ᠵᠢ ᠨᠠᠢ᠌ᠳᠠᠪᠤᠷᠢᠵᠢᠭᠤᠯᠬᠤ᠎ᠳᠤ ᠦᠢ᠍ᠯᠡᠴᠢᠯᠡᠬᠦ ᠲᠤᠬᠠᠢ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠪᠠ)᠎ᠢ ᠨᠡᠢ᠌ᠲᠡᠯᠡᠪᠡ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠠᠢ᠌ᠲᠤᠷ ᠪᠡᠶᠡᠯᠡᠭᠦᠯᠬᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠴᠢᠩᠭ᠎ᠠ ᠬᠦᠴᠦᠲᠡᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ ᠬᠠᠩᠭ᠋ᠠᠪᠠ᠃
    《ᠬᠡᠷᠡᠭᠵᠢᠭᠦᠯᠬᠦ ᠰᠠᠨᠠᠯ》᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠪᠠ ᠰᠢᠨ᠎ᠡ ᠴᠠᠭ ᠦᠶ᠎ᠡ ᠵᠢᠨ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠣᠳᠠᠲᠠᠢ ᠡᠭᠦᠷᠭᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠠᠢ᠃ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠲᠣᠭᠲᠠᠯᠴᠠᠭ᠎ᠠ ᠵᠢ ᠲᠦᠷᠭᠡᠨ ᠪᠠᠶ᠋ᠢᠭᠤᠯᠬᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠳᠤ ᠦᠢ᠍ᠯᠡᠴᠢᠯᠡᠬᠦ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠨ ᠨᠡᠮᠡᠷᠢᠯᠡᠬᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠣᠶᠤᠨᠲᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠨ ᠠᠬᠢᠭᠤᠯᠬᠤ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠴᠢᠩᠭ᠋ᠠᠳᠬᠠᠬᠤ ᠵᠡᠷᠭᠡ 6 ᠲᠠᠯ᠎ᠠ᠎ᠠᠴᠠ 24 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ᠃ ᠡᠭᠦᠨ᠎ᠤ ᠬᠠᠮᠲᠤ ᠮᠠᠨ᠎ᠤ ᠣᠷᠣᠨ᠎ᠤ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠂ ᠤᠯᠤᠰ᠎ᠤᠨ ᠡᠩ᠎ᠤᠨ ᠵᠠᠰᠠᠮᠠᠯ ᠵᠠᠮ᠂ ᠬᠢᠯᠢ ᠳᠠᠭ᠋ᠠᠤ ᠵᠢᠨ ᠵᠠᠰᠠᠮᠠᠯ ᠵᠠᠮ᠂ ᠲᠡᠮᠦᠷ ᠵᠠᠮ ᠪᠠ ᠨᠢᠰᠬᠡᠯ᠎ᠤᠨ ᠪᠠᠭᠤᠳᠠᠯ ᠵᠡᠷᠭᠡ ᠴᠢᠬᠤᠯᠠ ᠶᠡᠬᠡ ᠲᠥᠰᠥᠯ᠎ᠤᠳ᠎ᠢ ᠳᠡᠮᠵᠢᠬᠦ᠎ᠪᠠᠨ ᠡᠷᠴᠢᠮᠵᠢᠭᠦᠯᠪᠡ᠃
   《ᠬᠡᠷᠡᠭᠵᠢᠭᠦᠯᠬᠦ ᠰᠠᠨᠠᠯ》᠎ᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠲᠥᠷᠥ ᠵᠢᠨ ᠪᠣᠳᠣᠯᠭ᠎ᠠ ᠨᠡᠢ᠌ᠲᠡᠯᠡᠭᠰᠡᠨ᠎ᠠᠴᠠ ᠬᠡᠷᠡᠭᠵᠢᠭᠦᠯᠦᠭᠳᠡᠬᠦ ᠬᠦᠷᠲᠡᠯᠡᠬᠢ ᠬᠤᠭᠤᠴᠠᠭ᠎ᠠ ᠵᠢ ᠠᠳᠬᠤᠨ᠂ 《ᠲᠠᠪᠤᠨ ᠶᠡᠬᠡ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠵᠢᠷᠭᠤᠭ᠋ᠠᠨ ᠢᠨᠵᠧᠨᠧᠷᠢᠩ》᠎ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠶᠠᠮᠤᠨ ᠵᠥᠪᠯᠡᠯ᠎ᠳᠤ ᠬᠠᠷᠢᠭᠤ ᠮᠡᠳᠡᠭᠦᠯᠵᠦ ᠵᠣᠯᠭ᠋ᠠᠭᠤᠯᠬᠤ᠎ᠪᠠᠨ ᠦᠷᠭᠦᠯᠵᠢᠯᠡᠨ ᠡᠷᠴᠢᠮᠵᠢᠭᠦᠯᠵᠦ᠂ ᠲᠥᠷᠥ ᠵᠢᠨ ᠪᠣᠳᠣᠯᠭ᠎ᠠ ᠵᠢᠨ ᠠᠰᠢᠭ᠎ᠢ ᠦᠨᠡᠬᠡᠷ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠵᠤ ᠪᠣᠢ᠃ ᠲᠥᠰᠥᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠨᠠᠷᠢᠯᠢᠭ᠂ ᠪᠣᠳᠠᠲᠠᠢ᠂ ᠭᠦᠨᠵᠡᠭᠡᠢ ᠬᠢᠵᠦ᠂ ᠲᠥᠰᠥᠯ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ ᠳᠡᠶ᠋ᠢᠯᠬᠦ ᠵᠢ᠎ᠨᠢ ᠪᠦᠬᠦᠨ᠎ᠢ ᠡᠬᠢᠯᠡᠭᠦᠯᠵᠦ᠂ ᠡᠷᠲᠡᠯᠡᠵᠦ ᠳᠡᠶ᠋ᠢᠯᠬᠦ ᠵᠢ᠎ᠨᠢ ᠪᠥᠬᠥᠨ᠎ᠢ ᠡᠷᠲᠡᠯᠡᠭᠦᠯᠵᠦ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠴᠢᠨᠠᠷ ᠰᠠᠢ᠌ᠲᠠᠢ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠬᠦᠴᠦᠲᠡᠢ ᠲᠤᠰᠠᠯᠠᠮᠵᠢ ᠬᠠᠩᠭ᠋ᠠᠵᠤ ᠪᠠᠢ᠌ᠨ᠎ᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠶᠠᠷᠢᠯᠴᠠᠬᠤ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠪᠡᠭᠡᠵᠢᠩ ᠲᠢᠶᠠᠨᠵᠢᠨ ᠾᠧᠪᠧᠶ ᠵᠢᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠠᠢ ᠵᠣᠯᠭ᠋ᠠᠭᠤᠯᠤᠨ ᠰᠣᠯᠢᠯᠴᠠᠪᠠ
 
            