ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-09

 
   4 ᠳ᠋ᠦ᠍ᠭᠡᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ ᠬᠤᠷᠠᠯ᠎ᠳᠤ ᠣᠷᠣᠯᠴᠠᠵᠠᠶ᠃



    ᠰᠦᠨ ᠵᠢᠶᠦ᠋ᠨ ᠴᠢᠩ ᠰᠢᠨ᠎ᠡ ᠵᠢ ᠡᠭᠦᠳᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠠᠬᠢᠴᠠ ᠵᠢᠴᠢ 2024 ᠣᠨ᠎ᠤ ᠠᠵᠢᠯ᠎ᠤᠨ ᠲᠣᠬᠢᠷᠠᠭᠤᠯᠤᠯᠲᠠ᠂ ᠶᠡᠷᠦᠩᠬᠡᠢ᠌ᠯᠡᠭᠰᠡᠨ ᠲᠥᠷᠥᠯ ᠵᠦᠢᠯ᠎ᠤᠨ ᠠᠬᠢᠴᠠ ᠵᠢᠴᠢ ᠳᠡᠯᠡᠬᠡᠶ ᠵᠢᠨ ᠡᠪᠡᠰᠦᠨ᠎ᠤ ᠦᠢᠯᠡᠰ᠎ᠤᠨ ᠶᠡᠬᠡ ᠬᠤᠷᠠᠯ᠎ᠤᠨ ᠲᠥᠰᠦᠯ ᠵᠡᠷᠭᠡ ᠭᠣᠤᠯᠳᠠᠯᠭ᠎ᠠ᠎ᠲᠠᠢ ᠡᠭᠦᠷᠭᠡ ᠵᠢ ᠠᠬᠢᠭᠤᠯᠤᠭᠰᠠᠨ ᠪᠠᠢ᠌ᠳᠠᠯ᠎ᠢ ᠰᠣᠨᠣᠰᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠰᠠᠢ᠌ᠲᠤᠷ ᠬᠢᠬᠦ ᠵᠢ ᠲᠣᠬᠢᠷᠠᠭᠤᠯᠤᠨ ᠪᠠᠢ᠌ᠷᠢᠯᠠᠭᠤᠯᠪᠠ᠃




    ᠰᠦᠨ ᠵᠢᠶᠦ᠋ᠨ ᠴᠢᠩ ᠡᠪᠡᠰᠦᠨ᠎ᠤ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠣᠯᠤᠭᠰᠠᠨ ᠠᠮᠵᠢᠯᠲᠠ ᠵᠢ ᠨᠤᠲᠠᠯᠠᠪᠠ᠃ ᠲᠡᠷᠡ᠂ ᠡᠪᠡᠰᠦᠨ᠎ᠤ ᠰᠢᠨ᠎ᠡ ᠵᠢ ᠡᠭᠦᠳᠬᠦ ᠲᠥᠪ᠎ᠤᠨ᠎ᠬᠢᠨ 2024 ᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠭᠦᠷᠭᠡ ᠵᠢ ᠲᠦᠷᠭᠡᠨ ᠪᠠᠢ᠌ᠷᠢᠰᠢᠭᠤᠯᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠤᠯᠠᠮ ᠴᠢᠨᠠᠭᠰᠢᠳᠠ ᠲᠥᠪᠯᠡᠷᠡᠭᠦᠯᠵᠦ᠂ 《ᠰᠢᠪᠲᠤᠯᠬᠤ》ᠤᠬᠠᠮᠰᠠᠷ ᠵᠶ᠋ᠠᠷ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ ᠪᠣᠯᠤᠨ ᠬᠣᠰᠢᠭᠤᠷᠠᠯ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠲᠥᠯᠥᠪᠵᠢᠭᠦᠯᠵᠦ᠂ ᠲᠦᠷᠭᠡᠨ ᠦᠷ᠎ᠡ ᠪᠦᠲᠦᠭᠡᠯ ᠭᠠᠷᠭ᠋ᠠᠵᠤ᠂ ᠰᠠᠢ᠍ᠢ᠍ᠨ ᠦᠷ᠎ᠡ ᠪᠦᠲᠦᠭᠡᠯ ᠭᠠᠷᠭ᠋ᠠᠵᠤ᠂ 《ᠭᠠᠷᠤᠭ᠎ᠠ᠎ᠠᠴᠠ ᠲᠦᠷᠦᠭᠦᠯᠡᠬᠦ》ᠵᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ ᠳᠡᠯᠡᠬᠡᠢ ᠵᠢᠨ ᠡᠪᠡᠰᠦᠨ᠎ᠤ ᠦᠢ᠍ᠯᠡᠰ᠎ᠤᠨ ᠶᠡᠬᠡ ᠬᠤᠷᠠᠯ᠎ᠤᠨ ᠪᠡᠯᠡᠳᠬᠡᠯ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠵᠦ᠂ ᠡᠷᠬᠢᠯᠡᠬᠦ ᠬᠡᠯᠪᠡᠷᠢ ᠵᠢᠨ ᠰᠢᠨ᠎ᠡ ᠵᠢ ᠡᠭᠦᠳᠴᠦ᠂ ᠬᠡᠯᠪᠡᠷᠢᠴᠢ ᠦᠵᠡᠯ᠎ᠢ ᠲᠡᠪᠴᠢᠵᠦ᠂ ᠡᠪᠡᠰᠦᠨ᠎ᠤ ᠦᠢ᠍ᠯᠡᠰ᠎ᠤᠨ ᠲᠥᠪ ᠵᠶ᠋ᠡᠷ ᠭᠣᠣᠯ ᠴᠣᠭᠴᠠ ᠪᠣᠯᠭ᠋ᠠᠵᠤ᠂ ᠥᠨᠳᠥᠷ ᠲᠦᠪᠰᠢᠨ ᠪᠦᠬᠦᠢ ᠨᠥᠯᠥᠭᠡᠯᠡᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠡᠪᠡᠰᠦᠨ᠎ᠤ ᠦᠢ᠍ᠯᠡᠰ᠎ᠤᠨ ᠬᠦᠷᠢᠶᠡᠨ᠎ᠳᠠᠬᠢ ᠬᠠᠮᠤᠭ᠎ᠤᠨ ᠰᠢᠨ᠎ᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠬᠡᠷᠡᠭᠲᠡᠢ᠃ ᠶᠡᠷᠦᠩᠬᠡᠢ᠌ᠯᠡᠭᠰᠡᠨ ᠠᠰᠠᠷ᠎ᠤᠨ ᠪᠦᠳᠦᠭᠡᠨ ᠪᠠᠢ᠌ᠭᠤᠯᠤᠯᠲᠠ ᠵᠢ ᠲᠦᠷᠭᠡᠯᠡᠨ ᠠᠬᠢᠭᠤᠯᠵᠤ᠂ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ ᠹᠢᠽᠢᠺ᠎ᠤᠨ ᠣᠷᠣᠨ ᠵᠠᠢ ᠵᠢ ᠵᠦᠢ ᠵᠣᠬᠢᠰᠲᠠᠢ ᠪᠠᠢ᠌ᠷᠢᠰᠢᠭᠤᠯᠵᠤ᠂ ᠲᠤᠮᠤ ᠬᠡᠯᠪᠡᠷᠢ ᠵᠢᠨ ᠬᠡᠮᠵᠢᠭᠦᠷᠯᠢᠭ᠎ᠢ ᠤᠯᠠᠮ ᠨᠢᠭᠡ ᠠᠯᠬᠤᠮ ᠨᠡᠭᠡᠭᠡᠯᠳᠡ᠎ᠲᠠᠢ ᠪᠣᠯᠭ᠋ᠠᠨ ᠬᠠᠮᠲᠤ᠎ᠪᠠᠷ ᠡᠳ᠋ᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠲᠠᠰᠤᠭ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠨᠥᠬᠥᠳ᠂ ᠮᠸᠩ ᠼᠤᠤ ᠪᠦᠯᠦᠭᠯᠡᠯ ᠵᠢᠴᠢ ᠰᠢᠨ᠎ᠡ ᠵᠢ ᠡᠭᠦᠳᠬᠦ ᠲᠥᠪ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ 24 ᠵᠦᠢ᠍ᠯ᠎ᠤᠨ ᠠᠷᠭ᠎ᠠ ᠬᠡᠮᠵᠢᠶ᠎ᠡ ᠨᠡᠢ᠌ᠲᠡᠯᠡᠵᠦ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠵᠢ ᠳᠡᠮᠵᠢᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠯᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠶᠠᠷᠢᠯᠴᠠᠬᠤ ᠬᠤᠷᠠᠯ ᠬᠢᠪᠠ
 
            