ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠠᠢ᠌ᠵᠢᠵᠤ ᠭᠦᠨᠵᠡᠭᠡᠢ᠌ᠷᠡᠬᠦ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2024-05-10


    ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠷᠢᠨ ᠨᠢᠮᠪᠠᠶ ᠲᠥᠯᠥᠪᠵᠢᠭᠦᠯᠦᠨ ᠪᠠᠢ᠌ᠷᠢᠯᠠᠭᠤᠯᠵᠤ᠂ ᠪᠥᠬᠥ ᠲᠠᠯ᠎ᠠ᠎ᠪᠠᠷ ᠨᠠᠷᠢᠯᠢᠭ ᠪᠡᠯᠡᠳᠬᠡᠵᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ 《ᠥᠨᠳᠥᠷ ᠵᠣᠭᠰᠣᠴᠠ᠎ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ᠎ᠪᠠᠷ ᠰᠤᠷᠤᠯᠴᠠᠬᠤ᠂ ᠴᠢᠨᠠᠷ ᠰᠠᠢ᠌ᠲᠠᠶ ᠠᠬᠢᠭᠤᠯᠬᠤ》 ᠠᠷᠭ᠎ᠠ ᠬᠡᠮᠵᠢᠶ᠎ᠡ ᠵᠢ ᠰᠠᠢ᠌ᠲᠤᠷ ᠠᠳᠬᠤᠬᠤ᠎ᠪᠠᠷ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠰᠠᠬᠢᠯᠭ᠎ᠠ ᠪᠠᠲᠤ ᠵᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠴᠢᠩᠭ᠋ᠠᠳᠬᠠᠬᠤ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ ᠵᠡᠷᠭᠡ ᠭᠣᠤᠯᠳᠠᠯᠭ᠎ᠠ᠎ᠲᠠᠢ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠬᠡᠷᠡᠭᠵᠢᠭᠦᠯᠬᠦ᠎ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
    ᠥᠨᠳᠥᠷ ᠵᠣᠭᠰᠣᠴᠠ᠎ᠠᠴᠠ ᠠᠷᠭ᠎ᠠ ᠰᠦᠪᠡᠭᠴᠢᠯᠡᠵᠦ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠪᠣᠳᠠᠲᠠᠶ ᠪᠥᠭᠡᠳ ᠨᠠᠷᠢᠯᠢᠭ ᠠᠳᠬᠤᠬᠤ ᠵᠢᠨ ᠲᠥᠯᠥᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠷᠡ ᠳᠠᠷᠤᠶ᠎ᠳᠤᠨᠢ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠰᠤᠳᠤᠯᠤᠨ ᠪᠠᠢ᠌ᠷᠢᠯᠠᠭᠤᠯᠵᠤ᠂ ᠠᠵᠢᠯ᠎ᠤᠨ ᠲᠥᠰᠦᠯ ᠪᠠ ᠰᠤᠷᠤᠯᠴᠠᠬᠤ ᠲᠥᠯᠥᠪᠯᠡᠭᠡ ᠵᠢ ᠲᠣᠭᠲᠠᠭ᠋ᠠᠨ ᠲᠠᠷᠬᠠᠭ᠋ᠠᠵᠤ᠂ ᠵᠢᠯᠣᠭᠣᠳᠬᠤ ᠦᠵᠡᠯ ᠰᠠᠨᠠᠭ᠎ᠠ᠂ ᠠᠵᠢᠯ᠎ᠤᠨ ᠬᠠᠷᠠᠯᠲᠠ᠂ ᠭᠣᠤᠯ ᠡᠭᠦᠷᠭᠡ᠂ ᠠᠷᠭ᠎ᠠ ᠬᠡᠮᠵᠢᠶ᠎ᠡ ᠠᠯᠬᠤᠮ ᠳᠠᠷᠠᠭ᠎ᠠ ᠵᠡᠷᠭᠡ ᠵᠢ ᠲᠣᠳᠣᠷᠬᠠᠶ ᠲᠣᠭᠲᠠᠭ᠋ᠠᠪᠠ᠃
    ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠡᠭᠦᠷᠭᠡ᠎ᠲᠠᠢ ᠴᠢᠩᠭ᠎ᠠ ᠬᠠᠷᠭᠤᠭᠤᠯᠵᠤ᠂ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠬᠦ ᠲᠤᠬᠠᠶ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠶᠡᠷᠦᠩᠬᠡᠶ ᠱᠠᠭ᠋ᠠᠷᠳᠠᠯᠭ᠎ᠠ ᠪᠠ ᠪᠣᠳᠠᠲᠠᠶ ᠲᠣᠬᠢᠷᠠᠭᠤᠯᠤᠯᠲᠠ ᠵᠢ ᠲᠣᠳᠣᠷᠬᠠᠢ᠌ᠯᠠᠨ᠂ 6 ᠲᠠᠯ᠎ᠠ ᠵᠢᠨ ᠠᠵᠢᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠡᠯ᠎ᠡ ᠵᠦᠢᠯ᠎ᠤᠨ ᠡᠭᠦᠷᠭᠡ᠎ᠳᠤ ᠪᠣᠳᠠᠲᠠᠶ ᠠᠵᠢᠯ᠎ᠤᠨ ᠬᠤᠪᠢᠶᠠᠷᠢᠯᠠᠯ ᠬᠢᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢᠯ᠎ᠤᠨ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠬᠤ ᠵᠢ ᠦᠨᠡᠨ ᠬᠦ᠌ ᠪᠠᠲᠤᠯᠠᠪᠠ᠃ ᠪᠥᠬᠥ ᠨᠠᠮ᠎ᠤᠨ ᠭᠡᠰᠢᠭᠦᠨ ᠺᠠᠳ᠋ᠷ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠣᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠤᠨ ᠰᠤᠷᠤᠯᠴᠠᠯᠭ᠎ᠠ ᠵᠢ ᠡᠳᠦᠷ ᠲᠤᠲᠤᠮ᠎ᠤᠨ ᠰᠤᠷᠤᠯᠴᠠᠯᠭ᠎ᠠ᠎ᠳᠠᠭᠠᠨ ᠠᠭᠤᠰᠬᠠᠵᠤ᠂ ᠪᠠᠢ᠌ᠩᠭᠤ ᠠᠳᠬᠤᠵᠤ᠂ ᠥᠪᠡᠷ᠎ᠢ᠎ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠣᠷᠣᠭᠤᠯᠵᠤ᠂ ᠠᠵᠢᠯ ᠵᠶ᠋ᠠᠨ ᠣᠷᠣᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠠᠬᠢᠭᠤᠯᠬᠤ ᠪᠣᠳᠠᠲᠠᠶ ᠦᠢᠯᠡᠳᠦᠯᠭᠡ ᠪᠣᠯᠭ᠋ᠠᠨ ᠬᠤᠪᠢᠷᠠᠭᠤᠯᠬᠤ ᠬᠡᠷᠡᠭᠲᠡᠶ᠃
    ᠥᠨᠳᠥᠷ ᠪᠠᠷᠢᠮᠵᠢᠶ᠎ᠠ᠎ᠪᠠᠷ ᠰᠤᠷᠤᠯᠴᠠᠵᠤ᠂ ᠲᠠᠷᠢᠬᠢᠨ᠎ᠳᠤ ᠣᠷᠣᠬᠤ ᠵᠢ ᠪᠠᠲᠤᠯᠠᠪᠠ
 《ᠲᠤᠰ ᠤᠳᠠᠭ᠎ᠠ ᠵᠢᠨ ᠲᠠᠢ᠌ᠯᠤᠮᠵᠢ᠎ᠨᠢ ᠨᠢᠭᠡᠨ ᠭᠣᠢ᠌ᠳᠠ ᠰᠠᠢ᠌ᠬᠠᠨ ᠰᠠᠬᠢᠯᠭ᠎ᠠ ᠪᠠᠲᠤ ᠵᠢᠨ ᠬᠥᠮᠦᠵᠢᠯ᠎ᠤᠨ ᠬᠢᠴᠢᠶᠡᠯ ᠪᠣᠯᠬᠤ᠎ᠪᠠᠷ ᠪᠠᠷᠠᠬᠤ ᠦᠭᠡᠢ ᠪᠠᠰᠠ ᠨᠢᠭᠡᠨ ᠠᠮᠢᠳᠤᠯᠢᠭ ᠨᠠᠮᠴᠢ ᠴᠢᠨᠠᠷ᠎ᠤᠨ ᠬᠥᠮᠦᠵᠢᠯ᠎ᠤᠨ ᠬᠢᠴᠢᠶᠡᠯ᠂ ᠠᠷᠢᠭᠤᠨ ᠴᠢᠬᠡᠴᠢ ᠵᠢᠨ ᠬᠥᠮᠦᠵᠢᠯ᠎ᠤᠨ ᠬᠢᠴᠢᠶᠡᠯ ᠪᠠᠢ᠌ᠵᠤ᠂ ᠮᠠᠰᠢ ᠴᠢᠩᠭ᠎ᠠ ᠤᠨᠤᠯ᠎ᠤᠨ ᠴᠢᠨᠠᠷ᠂ ᠦᠢ᠍ᠯᠡᠳᠦᠯᠭᠡ ᠵᠢᠨ ᠴᠢᠨᠠᠷ ᠪᠠ ᠵᠢᠯᠣᠭᠣᠳᠬᠤ ᠴᠢᠨᠠᠷ᠎ᠲᠠᠢ ᠶᠤᠮ᠃ ᠪᠢᠳᠡ ᠴᠠᠭ ᠢᠮᠠᠭᠲᠠ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠰᠠᠬᠢᠯᠭ᠎ᠠ ᠪᠠᠲᠤ ᠵᠢᠨ ᠬᠥᠪᠴᠢ᠎ᠪᠠᠨ ᠴᠢᠩᠭ᠋ᠠᠯᠠᠵᠤ᠂ ᠥᠪᠡᠷ᠎ᠢ᠎ᠪᠠᠨ ᠴᠢᠩᠭ᠎ᠠ ᠬᠢᠵᠠᠭ᠋ᠠᠷᠯᠠᠵᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠭᠰᠡᠨ᠎ᠤ ᠳᠠᠷᠠᠭ᠎ᠠ᠂ ᠨᠠᠮ᠎ᠤᠨ ᠭᠡᠰᠢᠭᠦᠨ ᠺᠠᠳ᠋ᠷ ᠥᠪᠡᠷ᠎ᠤᠨ ᠣᠯᠤᠯᠲᠠ ᠲᠦᠷᠦᠭᠳᠡᠯ ᠵᠶ᠋ᠡᠨ ᠲᠡᠮᠳᠡᠭᠯᠡᠯ᠎ᠳᠡᠭᠡᠨ ᠲᠡᠮᠳᠡᠭᠯᠡᠵᠦ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠭ᠎ᠠ ᠰᠠᠬᠢᠵᠤ᠂ ᠬᠣᠷᠢᠭ᠎ᠠ ᠱᠤᠭᠤᠮ᠎ᠢ ᠪᠠᠲᠤ ᠰᠠᠬᠢᠵᠤ᠂ ᠬᠣᠷᠢᠭ᠎ᠠ ᠱᠤᠭᠤᠮ᠎ᠠᠴᠠ ᠳᠠᠪᠠᠬᠤ ᠦᠭᠡᠢ ᠪᠠᠢ᠌ᠬᠤ ᠵᠢ ᠴᠠᠭ ᠢᠮᠠᠭᠲᠠ ᠪᠡᠶ᠎ᠡ᠎ᠳᠡᠭᠡᠨ ᠰᠠᠨᠠᠭᠤᠯᠵᠤ ᠪᠠᠢ᠌ᠯ᠎ᠠ᠃
    ᠨᠠᠮ᠎ᠤᠨ ᠭᠡᠰᠢᠭᠦᠨ᠎ᠢ ᠪᠦᠲᠦᠮᠵᠢᠲᠡᠶ ᠬᠥᠲᠥᠯᠥᠨ ᠵᠢᠯᠣᠭᠣᠳᠴᠤ ᠡᠳᠦᠷ ᠲᠤᠲᠤᠮ᠎ᠤᠨ ᠠᠵᠢᠯ ᠠᠮᠢᠳᠤᠷᠠᠯ ᠳᠤᠮᠳᠠ ᠰᠠᠬᠢᠯᠭ᠎ᠠ ᠪᠠᠲᠤ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ᠌ᠯᠠᠬᠤ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠬᠦ ᠵᠢᠨ ᠲᠥᠯᠥᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠣᠤᠯᠳᠠᠯᠭ᠎ᠠ᠎ᠲᠠᠢ ᠠᠵᠢᠯ᠎ᠲᠠᠢ ᠬᠠᠮᠲᠤ᠎ᠳᠤᠨᠢ ᠲᠣᠬᠢᠷᠠᠭᠤᠯᠵᠤ᠂ ᠬᠠᠮᠲᠤ᠎ᠳᠤᠨᠢ ᠪᠠᠢ᠌ᠷᠢᠯᠠᠭᠤᠯᠵᠤ᠂ 《ᠲᠠᠪᠤᠨ ᠨᠢᠭᠡ》 ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠰᠠᠨᠠᠭᠤᠯᠤᠮᠵᠢ ᠵᠢ ᠪᠡᠶᠡᠯᠡᠭᠦᠯᠵᠦ᠂ ᠨᠢᠭᠡ ᠬᠤᠭᠤᠴᠠᠭ᠋ᠠᠨ᠎ᠤ ᠨᠣᠮ ᠤᠩᠰᠢᠬᠤ ᠠᠩᠭᠢ ᠡᠷᠭᠢᠯᠡᠵᠦ᠂ ᠨᠢᠭᠡ ᠤᠳᠠᠭ᠋ᠠᠨ᠎ᠤ ᠲᠥᠪᠯᠡᠷᠡᠩᠭᠦᠶ ᠰᠤᠷᠤᠯᠴᠠᠯᠭ᠎ᠠ ᠵᠢ ᠵᠣᠬᠢᠶᠠᠨ ᠪᠠᠢ᠌ᠭᠤᠯᠵᠤ᠂ ᠨᠢᠭᠡ ᠤᠳᠠᠭ᠋ᠠᠨ᠎ᠤ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠵᠤ᠂ ᠨᠢᠭᠡ ᠤᠳᠠᠭ᠋ᠠᠨ᠎ᠤ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠨᠢᠭᠡ ᠤᠳᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠡᠯ᠎ᠡ ᠵᠦᠢᠯ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠵᠠᠢ᠃
    ᠰᠤᠷᠤᠯᠴᠠᠵᠤ ᠰᠣᠯᠢᠯᠴᠠᠬᠤ ᠶᠠᠪᠤᠴᠠ᠎ᠳᠤ᠂ ᠨᠠᠮ᠎ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ᠎ᠪᠠᠨ ᠰᠣᠯᠢᠯᠴᠠᠬᠤ᠂ ᠦᠵᠡᠯᠲᠡ᠎ᠪᠠᠨ ᠰᠣᠯᠢᠯᠴᠠᠬᠤ᠂ ᠰᠤᠷᠴᠤ ᠬᠡᠷᠡᠭᠯᠡᠬᠦ ᠵᠢ ᠪᠦᠲᠦᠮᠵᠢᠲᠡᠶ ᠬᠤᠪᠢᠷᠠᠭᠤᠯᠵᠤ᠂ ᠰᠠᠬᠢᠯᠭ᠎ᠠ ᠪᠠᠲᠤ ᠵᠢᠨ 《ᠥᠨᠳᠥᠷ ᠬᠦᠴᠦᠳᠡᠯᠲᠦ ᠴᠠᠬᠢᠯᠭ᠋ᠠᠨ ᠤᠲᠠᠰᠤ》᠎ᠳᠤ ᠬᠠᠯᠳᠠᠬᠤ ᠵᠣᠷᠢᠭ ᠥᠬᠡᠶ 《ᠪᠣᠯᠵᠣᠯᠲᠤ ᠲᠤᠰᠬᠠᠯ》᠎ᠢ ᠪᠣᠶ ᠪᠣᠯᠭ᠋ᠠᠪᠠ᠃ ᠡᠭᠦᠨ᠎ᠤ ᠬᠠᠮᠲᠤ ᠪᠠᠰᠠ ᠥᠪᠡᠷ᠎ᠤᠨ ᠪᠡᠶ᠎ᠡ᠎ᠳᠤᠨᠢ ᠣᠷᠣᠰᠢᠵᠤ ᠪᠠᠢ᠌ᠬᠤ ᠡᠰᠡᠬᠦ ᠠᠰᠠᠭᠤᠳᠠᠯ᠎ᠢ ᠤᠯᠠᠮ ᠨᠢᠭᠡ ᠠᠯᠬᠤᠮ ᠪᠠᠢ᠌ᠴᠠᠭ᠋ᠠᠨ ᠦᠵᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠠᠪᠰᠤᠷᠤᠨ ᠥᠪᠡᠷ᠎ᠤᠨ ᠤᠬᠠᠮᠰᠠᠷ᠎ᠢ᠎ᠨᠢ ᠳᠡᠭᠡᠭᠰᠢᠯᠡᠭᠦᠯᠵᠦ᠂ ᠬᠤᠪᠢᠶᠠᠨ ᠡᠳ᠋ᠯᠡᠬᠦ ᠳᠤᠮᠳᠠ ᠬᠠᠷᠢᠯᠴᠠᠨ ᠰᠤᠷᠤᠯᠴᠠᠭᠤᠯᠵᠤ᠂ ᠬᠠᠮᠲᠤ᠎ᠪᠠᠷ ᠳᠡᠭᠡᠭᠰᠢᠯᠡᠭᠦᠯᠬᠦ ᠬᠡᠷᠡᠭᠲᠡᠢ  ᠃
    ᠴᠢᠨᠠᠷ ᠰᠠᠢ᠌ᠲᠠᠶ ᠠᠬᠢᠭᠤᠯᠵᠤ᠂ ᠰᠤᠷᠤᠯᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠪᠠ
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠨᠣᠮ ᠤᠩᠰᠢᠬᠤ ᠠᠩᠭᠢ᠎ᠳᠤ᠂ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢ ᠲᠦᠷᠭᠡᠳᠬᠡᠨ ᠬᠡᠷᠡᠭᠵᠢᠭᠦᠯᠬᠦ ᠠᠵᠢᠯᠯᠠᠭ᠎ᠠ᠎ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠰᠢᠨ᠎ᠡ ᠴᠠᠭ ᠦᠶ᠎ᠡ ᠵᠢᠨ ᠰᠢᠯᠭ᠋ᠠᠷᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠡᠩᠨᠡᠭᠡ ᠵᠢ ᠳᠠᠪᠲᠠᠨ ᠪᠣᠯᠪᠠᠰᠤᠷᠠᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠰᠠᠢ᠌ᠲᠠᠶ ᠬᠥᠭᠵᠢᠯᠲᠡ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ᠃》ᠭᠡᠵᠦ ᠢᠯᠡᠷᠬᠡᠢ᠌ᠯᠡᠵᠡᠢ᠃
    ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠢ ᠳᠠᠪᠲᠠᠨ ᠪᠣᠯᠪᠠᠰᠤᠷᠠᠭᠤᠯᠬᠤ ᠴᠢᠬᠤᠯᠠ ᠠᠴᠢᠶᠠᠯᠠᠪᠤᠷᠢ ᠪᠣᠯᠭ᠋ᠠᠵᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠲᠣᠭᠣᠷᠢᠨ ᠦᠵᠡᠬᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ᠎ᠢ ᠲᠣᠭᠣᠷᠢᠨ ᠦᠵᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠲᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠢ᠎ᠡ ᠵᠢ ᠵᠠᠳᠠᠯᠤᠨ ᠰᠢᠨᠵᠢᠯᠡᠵᠦ᠂ ᠳᠡᠷᠭᠡᠳᠡᠬᠢ ᠶᠠᠪᠤᠳᠠᠯ ᠵᠶ᠋ᠠᠷ ᠵᠶ᠋ᠠᠨ ᠳᠡᠷᠭᠡᠳᠡᠬᠢ ᠬᠥᠮᠦᠰ ᠵᠶ᠋ᠡᠨ ᠬᠥᠮᠦᠵᠢᠭᠦᠯᠬᠦ ᠵᠢ ᠴᠢᠬᠤᠯᠠᠴᠢᠯᠠᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠰᠡᠷᠡᠮᠵᠢᠯᠡᠭᠦᠯᠵᠦ᠂ ᠬᠣᠷᠢᠭ᠎ᠠ ᠱᠤᠭᠤᠮ᠎ᠢ ᠲᠣᠳᠣᠷᠬᠠᠢ᠌ᠯᠠᠵᠤ᠂ ᠪᠢᠰᠢᠷᠡᠨ ᠵᠢᠷᠦᠬᠡᠰᠢᠶᠡᠬᠦ ᠵᠢ ᠮᠡᠳᠡᠬᠦ ᠪᠣᠯᠭ᠋ᠠᠬᠤ ᠬᠡᠷᠡᠭᠲᠡᠢ᠃
    ᠲᠠᠷᠠᠭ᠋ᠠᠴᠢ ᠵᠢᠨ ᠠᠯᠬᠤᠮ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠲᠤᠬᠠᠢ᠌ᠯᠠᠭᠰᠠᠨ ᠠᠵᠢᠯ᠎ᠲᠠᠢ᠎ᠪᠠᠨ ᠤᠶᠠᠯᠳᠤᠭᠤᠯᠬᠤ ᠵᠢ ᠦᠷᠭᠦᠯᠵᠢᠯᠡᠨ ᠪᠠᠷᠢᠮᠲᠠᠯᠠᠵᠤ᠂ ᠰᠤᠷᠤᠯᠴᠠᠬᠤ ᠬᠡᠯᠪᠡᠷᠢ᠎ᠪᠠᠨ ᠲᠠᠰᠤᠷᠠᠯᠲᠠ ᠥᠬᠡᠶ ᠰᠢᠨᠡᠴᠢᠯᠡᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠭᠦᠨᠵᠡᠭᠡᠶ ᠠᠳᠬᠤᠨ ᠪᠣᠳᠠᠲᠠᠶ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠭᠣᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠲᠠᠢ ᠵᠣᠯᠭ᠋ᠠᠭᠤᠯᠵᠤ᠂ ᠡᠯ᠎ᠡ ᠵᠦᠢᠯ᠎ᠤᠨ ᠭᠣᠤᠯᠳᠠᠯᠭ᠎ᠠ᠎ᠲᠠᠢ ᠠᠵᠢᠯ᠎ᠲᠠᠢ ᠨᠢᠭᠲᠠ ᠤᠶᠠᠯᠳᠤᠭᠤᠯᠵᠤ᠂ ᠬᠣᠶᠠᠷ ᠲᠠᠯ᠎ᠠ᠎ᠪᠠᠷ ᠠᠳᠬᠤᠬᠤ᠂ ᠬᠣᠶᠠᠷ᠎ᠢ ᠠᠬᠢᠭᠤᠯᠬᠤ ᠵᠢ ᠪᠡᠶᠡᠯᠡᠭᠦᠯᠵᠦ᠂ ᠴᠢᠩᠭ᠎ᠠ ᠲᠣᠳᠣᠷᠬᠠᠶ ᠰᠠᠬᠢᠯᠭ᠎ᠠ ᠪᠠᠲᠤ᠎ᠪᠠᠷ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠤᠨ ᠬᠥᠭᠵᠢᠯᠲᠡ ᠵᠢ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢ᠌ᠳ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠯᠢ ᠴᠢᠶᠦ᠋ᠨ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠤᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ᠎ᠤᠨ ᠪᠣᠯᠪᠠᠰᠤᠷᠠᠯ᠎ᠢ ᠡᠷᠭᠢᠯᠡᠵᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠳᠤ ᠴᠢᠨᠠᠷ ᠰᠠᠢ᠌ᠲᠠᠶ ᠬᠥᠭᠵᠢᠯᠲᠡ ᠵᠢᠨ ᠡᠨᠧᠷᠭᠢ ᠣᠯᠭᠣᠪᠠ
 
            