ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢ᠌ᠳ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠯᠢ ᠴᠢᠶᠦ᠋ᠨ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-05-11


      5 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢ᠌ᠳ᠂ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠯᠢ ᠴᠢᠶᠦ᠋ᠨ᠎ᠲᠠᠢ ᠠᠭᠤᠯᠵᠠᠪᠠ᠃



    ᠰᠦᠨ ᠱᠤᠤ ᠴᠧᠩ ᠯᠢ ᠴᠢᠶᠦ᠋ᠨ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ᠎ᠤᠨ ᠲᠡᠦᠬᠡ ᠰᠣᠶᠣᠯ᠎ᠤᠨ ᠠᠭᠤᠯᠤᠭᠳᠠᠬᠤᠨ ᠭᠦᠨ ᠵᠤᠵᠠᠭ᠋ᠠᠨ᠂ ᠲᠡᠦᠬᠡᠨ ᠳᠤᠷᠠᠰᠬᠠᠯᠲᠤ ᠵᠦᠢ᠍ᠯᠡᠰ ᠡᠷᠲᠡᠨ᠎ᠤ ᠦᠯᠡᠳᠡᠭᠳᠡᠯ ᠤᠯᠠᠨ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠡᠯᠪᠡᠭ᠂ ᠰᠣᠶᠣᠯ᠎ᠤᠨ ᠳᠡᠯᠭᠡᠨ ᠦᠵᠡᠭᠦᠯᠭᠡ ᠵᠢᠨ ᠲᠥᠬᠦᠭᠡᠷᠦᠮᠵᠢ ᠨᠡᠯᠢᠶᠡᠳ ᠪᠦᠷᠢᠨ ᠲᠡᠭᠦᠯᠳᠡᠷ᠂ ᠤᠯᠠᠭ᠋ᠠᠨᠮᠥ᠋ᠴᠢᠷ ᠵᠡᠷᠭᠡ ᠤᠳᠬ᠎ᠠ ᠤᠷᠠᠯᠢᠭ᠎ᠤᠨ ᠡᠩᠨᠡᠭᠡ ᠥᠪᠡᠷᠮᠢᠴᠡ ᠣᠨᠴᠠᠯᠢᠭ᠎ᠲᠠᠢ ᠶᠤᠮ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠪᠢᠳᠡ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ᠎ᠪᠠᠷ ᠭᠠᠷᠳᠠᠴᠠ ᠪᠣᠯᠭ᠋ᠠᠨ ᠰᠣᠶᠣᠯ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ ᠪᠣᠯᠣᠨ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠨᠡᠩ ᠤᠯᠠᠨ ᠵᠢᠯᠣᠭᠣᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠠᠨ᠎ᠢ ᠬᠠᠪᠰᠤᠷᠤᠨ ᠬᠠᠭᠤᠴᠢ ᠰᠤᠳᠤᠯᠤᠯ᠎ᠤᠨ ᠪᠣᠳᠠᠲᠤ ᠪᠣᠳᠠᠰ᠂ ᠰᠣᠶᠣᠯ᠎ᠤᠨ ᠦᠯᠡᠳᠡᠭᠳᠡᠯ᠎ᠢ ᠭᠦᠢ᠍ᠴᠡᠳ ᠠᠭᠤᠳᠠᠯᠤᠨ ᠪᠦᠲᠦᠮᠵᠢᠲᠡᠢ ᠬᠡᠷᠡᠭᠯᠡᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ ᠠᠬᠢᠭᠤᠯᠵᠤ᠂ ᠰᠣᠶᠣᠯ᠎ᠤᠨ ᠪᠠᠢ᠌ᠭᠤᠯᠤᠯᠲᠠ ᠵᠢ ᠨᠡᠩ ᠰᠠᠢ᠌ᠲᠤᠷ ᠠᠬᠢᠭᠤᠯᠬᠤ ᠵᠢ ᠬᠦᠰᠡᠵᠦ ᠪᠠᠢ᠌ᠨ᠎ᠠ᠃ ᠪᠢᠳᠠ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠠᠵᠢᠯ ᠥᠷᠨᠢᠭᠦᠯᠬᠦ᠎ᠳᠤ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠦᠢ᠍ᠯᠡᠴᠢᠯᠡᠵᠦ ᠪᠠᠲᠤᠯᠠᠭ᠎ᠠ ᠬᠠᠩᠭ᠋ᠠᠨ᠎ᠠ ᠭᠡᠵᠦ ᠬᠡᠯᠡᠪᠡ᠃
    ᠯᠢ ᠴᠢᠶᠦ᠋ᠨ ᠡᠩ ᠲᠡᠷᠢᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠲᠤᠷᠰᠢ ᠰᠣᠶᠣᠯ ᠵᠢᠭᠤᠯᠴᠢᠯᠠᠯ᠎ᠤᠨ ᠠᠵᠢᠯ᠂ ᠲᠡᠦᠬᠡᠨ ᠳᠤᠷᠠᠰᠬᠠᠯᠲᠤ ᠵᠦᠢ᠍ᠯᠡᠰ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠳᠡᠮᠵᠢᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠡᠨᠡ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ ᠵᠢᠨ ᠳᠤᠮᠳᠠ ᠪᠢᠳᠡ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠡᠳᠦᠷ᠎ᠠᠴᠠ ᠡᠳᠦᠷ ᠥᠭᠡᠳᠡᠯᠡᠵᠦ᠂ ᠰᠣᠶᠣᠯ᠎ᠤᠨ ᠦᠢ᠍ᠯᠡᠰ ᠴᠡᠴᠡᠭᠯᠡᠨ ᠬᠥᠭᠵᠢᠵᠦ ᠪᠠᠢ᠌ᠬᠤ ᠵᠢ ᠪᠡᠶᠡᠴᠢᠯᠡᠨ ᠣᠢ᠌ᠯᠠᠭ᠋ᠠᠪᠠ᠃ ᠤᠯᠤᠰ᠎ᠤᠨ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠪᠠᠢ᠌ᠭᠤᠯᠤᠯᠲᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠵᠦ᠂ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠰᠤᠳᠤᠯᠤᠯ᠂ ᠲᠡᠦᠬᠡᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠰᠡᠷᠭᠦᠭᠡᠬᠦ᠂ ᠮᠦᠽᠧᠢ ᠵᠢᠨ ᠳᠡᠯᠭᠡᠨ ᠦᠵᠡᠭᠦᠯᠭᠡ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠡᠷᠭᠡ ᠲᠠᠯ᠎ᠠ᠎ᠪᠠᠷ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠡᠦᠬᠡᠨ ᠳᠤᠷᠠᠰᠬᠠᠯᠲᠤ ᠵᠦᠢ᠍ᠯᠡᠰ᠎ᠤᠨ ᠲᠣᠮᠣ ᠳ᠋ᠠᠢ᠌ᠲ᠋ᠠ ᠵᠢᠨ ᠬᠥᠮᠥᠷᠭᠡ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠣᠮᠣᠭᠰᠢᠯᠲᠤ ᠰᠡᠳᠬᠢᠯᠭᠡ ᠪᠠ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ᠎ᠳᠤ ᠲᠡᠦᠬᠡᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠬᠦᠴᠦᠨ᠎ᠢ ᠪᠠᠳᠠᠷᠠᠭᠤᠯᠤᠨ᠎ᠠ ᠭᠡᠵᠦ ᠬᠡᠯᠡᠪᠡ᠃
    ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠧᠩ ᠬᠣᠩ ᠹᠠᠨ᠂ ᠢᠦᠢ ᠯᠢ ᠰᠢᠨ᠂ ᠶᠠᠩ ᠵᠢᠨ ᠠᠭᠤᠯᠵᠠᠯᠲᠠ᠎ᠳᠤ ᠣᠷᠣᠯᠴᠠᠵᠠᠢ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠤᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ᠎ᠤᠨ ᠪᠣᠯᠪᠠᠰᠤᠷᠠᠯ᠎ᠢ ᠡᠷᠭᠢᠯᠡᠵᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠳᠤ ᠴᠢᠨᠠᠷ ᠰᠠᠢ᠌ᠲᠠᠶ ᠬᠥᠭᠵᠢᠯᠲᠡ ᠵᠢᠨ ᠡᠨᠧᠷᠭᠢ ᠣᠯᠭᠣᠪᠠ
ᠥᠪᠥᠷ ᠮᠣᠩᠭᠣᠯ᠎ᠤᠨ ᠠᠩᠬᠠᠳᠠᠭᠴᠢ ᠬᠤᠭᠤᠴᠠᠭ᠋ᠠᠨ᠎ᠤ ᠵᠡᠮᠳᠡᠭᠴᠦᠳ᠎ᠤᠨ ᠤᠷᠠᠯᠢᠭ᠎ᠤᠨ ᠪᠠᠶᠠᠷ ᠡᠬᠢᠯᠡᠪᠡ ᠴᠢ᠊ ᠪᠠᠲᠤ ᠣᠷᠣᠯᠴᠠᠪᠠ
 
            