5 ᠳ᠋ᠤᠭ᠋ᠠᠷ ᠰᠠᠷ᠎ᠠ ᠵᠢᠨ 19᠎ᠤ ᠡᠳᠦᠷ᠂ ᠭᠤᠴᠢᠨ ᠳᠥᠷᠪᠡᠳᠡᠬᠢ ᠪᠥᠬᠥ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ ᠵᠢᠴᠢ 《ᠤᠮᠠᠷᠠᠲᠤ ᠬᠢᠯᠢ ᠵᠢᠨ ᠡᠨᠡᠷᠢᠯ ᠣᠯᠠᠨ ᠬᠡᠯᠪᠡᠷᠢᠲᠦ ᠠᠮᠢᠳᠤᠷᠠᠯ》 ᠥᠪᠥᠷ ᠮᠣᠩᠭᠣᠯ᠎ᠤᠨ ᠠᠩᠬᠠᠳᠠᠭᠴᠢ ᠬᠤᠭᠤᠴᠠᠭ᠋ᠠᠨ᠎ᠤ ᠵᠡᠮᠳᠡᠭᠴᠦᠳ᠎ᠤᠨ ᠤᠷᠠᠯᠢᠭ᠎ᠤᠨ ᠪᠠᠶᠠᠷ ᠬᠥᠬᠡᠬᠣᠲᠠ᠎ᠳᠤ ᠡᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠴᠢ᠊ ᠪᠠᠲᠤ ᠣᠷᠣᠯᠴᠠᠪᠠ᠃
ᠲᠤᠬᠠᠢ ᠵᠢᠨ ᠲᠠᠯᠠᠪᠤᠷ᠎ᠲᠤ᠂ ᠥᠪᠥᠷ ᠮᠣᠩᠭᠣᠯ᠎ᠤᠨ ᠵᠡᠮᠳᠡᠭᠴᠦᠳ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ ᠵᠢᠩᠬᠢᠨᠢ᠎ᠪᠠᠷ ᠡᠬᠢᠯᠡᠨ ᠠᠵᠢᠯᠯᠠᠵᠤ᠂ ᠪᠥᠬᠥ ᠣᠷᠣᠨ᠎ᠤ ᠵᠡᠮᠳᠡᠭᠴᠦᠳ᠎ᠲᠤ ᠨᠠᠷᠢᠯᠢᠭ ᠦᠢ᠍ᠯᠡᠴᠢᠯᠡᠭᠡ ᠬᠠᠩᠭ᠋ᠠᠬᠤ ᠪᠣᠯᠣᠨ᠎ᠠ; ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠨᠥᠬᠥᠴᠡᠯ᠎ᠳᠤ ᠨᠡᠢ᠌ᠴᠡᠭᠰᠡᠨ 6 ᠵᠡᠮᠳᠡᠭ ᠬᠥᠮᠥᠨ ᠣᠶᠤᠨᠲᠤ ᠮᠠᠰᠢᠨ ᠬᠥᠮᠥᠨ ᠣᠯᠪᠠ; ᠳᠤᠮᠳᠠᠳᠤ ᠤᠯᠤᠰ᠎ᠤᠨ ᠵᠡᠮᠳᠡᠭᠴᠦᠳ᠎ᠤᠨ ᠤᠷᠠᠯᠢᠭ᠎ᠤᠨ ᠪᠦᠯᠬᠦᠮ ᠭᠣᠶᠣ ᠰᠠᠢ᠌ᠬᠠᠨ ᠲᠣᠭᠯᠠᠯᠲᠠ ᠭᠠᠷᠭ᠋ᠠᠪᠠ᠃
ᠣᠢ᠌ᠯᠠᠭ᠋ᠠᠭᠰᠠᠨ ᠵᠶ᠋ᠠᠷ᠂ ᠪᠥᠬᠥ ᠣᠷᠣᠨ᠎ᠤ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠨᠢ ᠪᠥᠬᠥ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠲᠣᠭᠣᠷᠢᠨ᠎ᠳᠤ ᠵᠡᠮᠳᠡᠭᠴᠦᠳ᠎ᠢ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠵᠡᠮᠳᠡᠭᠴᠦᠳᠲᠠᠬᠢ ᠬᠠᠢ᠌ᠷ᠎ᠠ ᠬᠠᠯᠠᠮᠵᠢ᠎ᠪᠠᠨ ᠳᠠᠮᠵᠢᠭᠤᠯᠵᠤ᠂ ᠵᠡᠮᠳᠡᠭᠴᠦᠳ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃