ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-05-24


     5 ᠰᠠᠷ᠎ᠠ ᠵᠢᠨ 22᠎ᠠᠴᠠ 23᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠪᠣᠯᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠵᠦ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠬᠠᠷᠢᠭᠤᠴᠠᠯᠭ᠋ᠠᠲᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ᠎ᠲᠠᠢ ᠲᠣᠰ ᠲᠣᠰ ᠶᠠᠷᠢᠯᠴᠠᠪᠠ᠃


       



 

      ᠰᠦᠨ ᠱᠤᠤ ᠴᠧᠩ ᠤᠷᠢᠳ ᠬᠣᠵᠢᠳ ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠰᠢᠨ᠎ᠡ ᠬᠤᠳᠠ ᠲᠣᠭᠣᠷᠢᠭ᠎ᠤᠨ ᠰᠤᠷᠭ᠋ᠠᠭᠤᠯᠢ ᠵᠢᠨ ᠲᠣᠭᠣᠷᠢᠭ ᠪᠣᠯᠣᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠬᠣᠷᠢᠨᠭᠡᠷ ᠰᠢᠨ᠎ᠡ ᠲᠣᠭᠣᠷᠢᠭ᠎ᠤᠨ ᠰᠠᠭᠤᠷᠢᠨ᠎ᠳᠤ ᠬᠦᠷᠴᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠲᠠᠨᠢᠯᠴᠠᠭᠤᠯᠭ᠎ᠠ ᠵᠢ ᠰᠣᠨᠣᠰᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ ᠵᠢ ᠪᠠᠢ᠌ᠴᠠᠭ᠋ᠠᠨ ᠦᠵᠡᠪᠡ᠃ ᠪᠠᠢ᠌ᠭᠤᠯᠤᠮᠵᠢ ᠵᠢᠨ ᠠᠵᠢᠯᠯᠠᠭ᠋ᠠᠨ᠎ᠤ ᠲᠣᠭᠲᠠᠴᠠ᠎ᠠᠴᠠ ᠴᠢᠳᠠᠪᠤᠷᠢᠲᠠᠨ᠎ᠤ ᠪᠦᠯᠭᠦᠮ ᠭᠦᠷᠲᠡᠯ᠎ᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ᠎ᠠᠴᠠ ᠰᠡᠭᠦᠯᠴᠢ ᠵᠢᠨ ᠬᠤᠭᠤᠴᠠᠭ᠋ᠠᠨ᠎ᠤ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ ᠭᠦᠷᠲᠡᠯ᠎ᠡ᠂ ᠭᠣᠭᠴᠣᠭ᠎ᠠ ᠨᠢᠭᠡᠪᠦᠷᠢ ᠵᠢ ᠲᠡᠷᠡ ᠴᠥᠮ ᠮᠠᠰᠢ ᠨᠠᠷᠢᠨ ᠨᠢᠮᠪᠠᠢ ᠠᠰᠠᠭᠤᠭᠰᠠᠨ ᠪᠥᠭᠡᠳ ᠣᠯᠠᠨ᠎ᠢ ᠨᠠᠷᠢᠯᠢᠭ ᠭᠦᠨᠵᠡᠭᠡᠢ ᠠᠵᠢᠯᠯᠠᠨ᠂ ᠣᠯᠠᠨ ᠦᠷ᠎ᠡ ᠪᠦᠲᠦᠭᠡᠯ ᠭᠠᠷᠭ᠋ᠠᠬᠤ ᠵᠢ ᠵᠣᠷᠢᠭᠵᠢᠭᠤᠯᠪᠠ᠃





      ᠰᠦᠨ ᠱᠤᠤ ᠴᠧᠩ ᠬᠣᠶᠠᠷ ᠠᠰᠠᠭᠤᠳᠠᠯ᠎ᠢ ᠮᠠᠰᠢ ᠠᠩᠬᠠᠷᠴᠤ ᠪᠤᠶ᠂ ᠨᠢᠭᠡ᠎ᠨᠢ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠣᠷᠣᠰᠢᠵᠤ ᠪᠠᠢ᠌ᠭ᠎ᠠ ᠳᠤᠲᠠᠭᠤᠳᠠᠯ ᠢᠯᠠᠩᠭᠤᠶ᠎ᠠ ᠪᠠᠢ᠌ᠭᠤᠯᠤᠮᠵᠢ ᠲᠣᠭᠲᠠᠴᠠ ᠵᠢᠨ ᠲᠠᠯ᠎ᠠ ᠵᠢᠨ ᠠᠰᠠᠭᠤᠳᠠᠯ᠂ ᠨᠥᠭᠦᠭᠡ᠎ᠨᠢ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠭᠣᠣᠯ ᠰᠢᠪᠲᠤᠯᠤᠯᠲᠠ ᠵᠢᠨ ᠴᠢᠭᠯᠡᠯ ᠪᠣᠯᠣᠨ᠎ᠠ᠃ ᠭᠦᠷᠦᠭᠰᠡᠨ ᠭᠠᠵᠠᠷ ᠪᠣᠯᠭ᠋ᠠᠨ᠎ᠳᠤ᠂ ᠲᠡᠷᠡ ᠲᠠᠢ᠌ᠪᠤᠭᠤ ᠰᠠᠭᠤᠵᠤ ᠤᠯᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠪᠠ᠃ ᠲᠡᠷᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠴᠢᠬᠤᠯᠠ ᠴᠢᠨᠠᠷ᠎ᠨᠢ ᠮᠡᠳᠡᠭᠡᠵᠢ ᠵᠢᠨ ᠶᠤᠮ᠂ ᠥᠪᠥᠷ ᠮᠣᠩᠭᠣᠯ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ᠎ᠳᠤ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠎ᠠ ᠠᠳᠬᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ᠂ ᠨᠢᠭᠡ ᠬᠣᠶᠠᠷ ᠴᠡᠭ᠎ᠲᠤ ᠡᠬᠢᠯᠡᠨ ᠭᠦᠶᠦᠮᠡᠭᠴᠡ ᠬᠣᠰᠢᠭᠤᠷᠠᠬᠤ ᠵᠢ ᠲᠦᠷᠭᠡᠨ ᠪᠡᠶᠡᠯᠡᠭᠦᠯᠵᠦ᠂ ᠴᠡᠭ ᠵᠶ᠋ᠡᠷ ᠨᠡᠢ᠌ᠳᠡᠮ᠎ᠢ ᠳᠠᠢ᠌ᠴᠢᠯᠠᠨ ᠭᠠᠵᠠᠷ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠬᠡᠳᠦᠢ᠌ᠪᠡᠷ ᠪᠠᠭᠤᠷᠠᠢ ᠪᠤᠯᠪᠠᠴᠤ ᠵᠠᠷᠢᠮ ᠬᠦᠷᠢᠶᠡᠨ᠎ᠳᠤ ᠪᠠᠰᠠ ᠪᠠᠭ᠎ᠠ ᠪᠤᠰᠤ ᠦᠷ᠎ᠡ ᠪᠦᠲᠦᠭᠡᠯ ᠣᠯᠵᠠᠢ᠂ ᠤᠳᠠᠭ᠋ᠠᠨ ᠳᠠᠭ᠋ᠠᠭ᠋ᠠᠮᠠᠭ᠋ᠠᠢ ᠴᠢᠷᠮᠠᠢ᠌ᠳᠠᠭ ᠯᠠ ᠶᠤᠮ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》᠎ᠨᠢ ᠶᠡᠬᠡ ᠡᠷᠡᠮᠡᠯᠵᠡᠯ᠎ᠲᠠᠢ ᠪᠠᠢ᠌ᠵᠤ᠂ ᠥᠪᠥᠷ ᠮᠣᠩᠭᠣᠯ᠎ᠤᠨ ᠢᠷᠡᠭᠡᠳᠦᠢ ᠯᠠᠪᠲᠠᠢ ᠰᠠᠷᠠᠭᠤᠯ ᠰᠠᠢ᠌ᠬᠠᠨ ᠪᠤᠯᠬᠤ ᠶᠤᠮ ᠭᠡᠪᠡ᠃ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ᠂ ᠰᠦᠨ ᠱᠤᠤ ᠴᠧᠩ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠨᠢᠭᠡ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠤᠳᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠪᠢ ᠬᠤᠪᠢᠨ᠎ᠳᠠᠭᠠᠨ ᠪᠡᠶ᠎ᠡ᠎ᠪᠠᠨ ᠳᠠᠭ᠋ᠠᠭ᠋ᠠᠵᠤ ᠪᠠᠢ᠌ᠯᠳᠤᠬᠤ᠎ᠠᠴᠠ ᠵᠠᠢ᠌ᠯᠠᠰᠬᠢᠬᠦ ᠬᠡᠷᠡᠭᠲᠡᠢ᠃ ᠬᠣᠶᠠᠷ᠎ᠲᠤ᠂ ᠪᠠᠢ᠌ᠭᠤᠯᠤᠮᠵᠢ ᠲᠣᠭᠲᠠᠴᠠ ᠵᠢ ᠰᠢᠯᠤᠭᠤᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠠᠰᠢᠭ᠎ᠢ ᠳᠡᠭᠡᠭᠰᠢᠯᠡᠭᠦᠯᠭᠦ ᠬᠡᠷᠡᠭᠲᠡᠢ᠃ ᠭᠤᠷᠪᠠ᠎ᠳᠤ᠂ ᠭᠣᠣᠯᠳᠠᠯᠭ᠎ᠠ᠎ᠲᠠᠢ ᠬᠦᠷᠢᠶ᠎ᠡ ᠵᠢ ᠲᠣᠪᠤᠢ᠌ᠯᠭ᠋ᠠᠨ᠂ ᠰᠠᠢ᠌ᠨ᠎ᠲᠠᠢ ᠲᠠᠯ᠎ᠠ᠎ᠪᠠᠨ ᠪᠠᠳᠠᠷᠠᠭᠤᠯᠤᠨ ᠰᠢᠭ᠋ᠠᠷᠤ ᠲᠠᠯ᠎ᠠ᠎ᠪᠠᠨ ᠨᠥᠬᠥᠪᠦᠷᠢᠯᠡᠵᠦ᠂ ᠲᠥᠪᠯᠡᠷᠡᠭᠦᠯᠦᠨ ᠪᠡᠷᠬᠡ ᠰᠡᠳᠦᠪ᠎ᠢ ᠰᠢᠢ᠍ᠳᠪᠦᠷᠢᠯᠡᠬᠦ ᠬᠡᠷᠡᠭᠲᠡᠢ᠃ ᠳᠥᠷᠪᠡ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠢ ᠰᠠᠢ᠌ᠲᠤᠷ ᠪᠠᠢ᠌ᠭᠤᠯᠤᠨ ᠬᠥᠭᠵᠢᠭᠦᠯᠵᠦ᠂ ᠨᠡᠷ᠎ᠡ ᠨᠢᠳᠡᠷ᠎ᠲᠡᠭᠡᠨ ᠨᠡᠢ᠌ᠴᠡᠭᠰᠡᠨ ᠪᠠᠢ᠌ᠬᠤ ᠬᠡᠷᠡᠭᠲᠡᠢ᠃ ᠲᠠᠪᠤ᠎ᠳᠤ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠰᠢᠯᠢᠳᠡᠭᠵᠢᠭᠦᠯᠵᠦ᠂ ᠠᠵᠤ ᠠᠬᠤᠢ᠌ᠯᠠᠯ᠎ᠳᠤ ᠴᠢᠳᠠᠪᠤᠷᠢᠲᠠᠨ᠎ᠢ ᠣᠨᠣᠴᠠᠲᠠᠢ ᠬᠥᠮᠥᠵᠢᠭᠦᠯᠦᠨ ᠥᠭᠴᠦ᠂ ᠬᠠᠨᠳᠤᠯᠭ᠎ᠠ᠎ᠲᠠᠢ᠎ᠪᠠᠷ ᠬᠥᠮᠥᠵᠢᠭᠦᠯᠦᠨ ᠥᠭᠬᠦ ᠬᠡᠷᠡᠭᠲᠡᠢ᠃ ᠵᠢᠷᠭᠤᠭ᠎ᠠ᠎ᠳᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠪᠠ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠦᠷ᠎ᠡ ᠪᠦᠲᠦᠭᠡᠯ᠎ᠢ ᠣᠨᠳᠣᠣᠰᠢᠭᠤᠯᠬᠤ᠂ ᠵᠠᠷᠤᠳᠠᠯ᠎ᠤᠨ ᠬᠡᠷᠡᠭᠯᠡᠯᠲᠡ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠳᠠᠪᠤᠷᠢᠲᠠᠨ᠎ᠢ ᠦᠯᠡᠳᠡᠭᠡᠬᠦ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠬᠠᠭᠤᠴᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠳᠣᠯᠣᠭ᠎ᠠ᠎ᠳᠤ᠂ ᠳᠡᠭᠡᠳᠦ ᠲᠠᠰ᠎ᠤᠨ ᠴᠢᠳᠠᠪᠤᠷᠢᠲᠠᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠦᠷ᠎ᠡ ᠬᠡᠦᠬᠡᠳ᠎ᠤᠨ ᠬᠢᠨᠢ ᠰᠤᠷᠭ᠋ᠠᠭᠤᠯᠢ᠎ᠳᠤ ᠣᠷᠣᠬᠤ᠂ ᠡᠮᠴᠢᠯᠡᠭᠡ᠂ ᠶᠠᠪᠤᠵᠤ ᠰᠠᠭᠤᠬᠤ ᠵᠡᠷᠭᠡ ᠲᠠᠯ᠎ᠠ᠎ᠪᠠᠷ ᠬᠦᠨᠳᠦᠳᠬᠡᠯ ᠪᠠ ᠬᠠᠷᠠᠭ᠋ᠠᠯᠵᠠᠯ ᠦᠵᠡᠭᠦᠯᠭᠦ ᠬᠡᠷᠡᠭᠲᠡᠢ᠃ ᠨᠠᠢ᠍ᠮᠠ᠎ᠳᠤ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠪᠴᠠᠩ᠂ ᠰᠢᠨ᠎ᠡ ᠵᠢ ᠡᠭᠦᠳᠬᠦ ᠪᠦᠯᠭᠦᠮ ᠨᠡᠢ᠌ᠲᠡ ᠪᠣᠯᠣᠨ ᠰᠢᠯᠢᠳᠡᠭ ᠠᠵᠤ ᠠᠬᠤᠢ᠌ᠯᠠᠯ᠎ᠢ ᠶᠡᠬᠡᠪᠡᠷ ᠤᠬᠠᠭᠤᠯᠵᠤ᠂ ᠰᠢᠨ᠎ᠡ ᠵᠢ ᠡᠭᠦᠳᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ᠃ ᠶᠢᠰᠦ᠎ᠳᠤ᠂ ᠦᠷ᠎ᠡ ᠪᠦᠲᠦᠭᠡᠯ᠎ᠤᠨ ᠤᠬᠠᠮᠰᠠᠷ᠎ᠢ ᠪᠤᠢ ᠪᠤᠯᠭ᠋ᠠᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠤᠯᠲᠠ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠥᠷᠨᠢᠭᠦᠯᠬᠦ ᠬᠡᠷᠡᠭᠲᠡᠢ᠃ ᠠᠷᠪᠠ᠎ᠳᠤ᠂ ᠥᠪᠡᠷ᠎ᠤᠨ ᠪᠡᠶ᠎ᠡ᠎ᠳᠡᠭᠡᠨ ᠬᠡᠷᠡᠭᠯᠡᠬᠦ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠮᠡᠷᠭᠡᠵᠢᠯ ᠪᠣᠯᠣᠨ ᠦᠷ᠎ᠡ ᠪᠦᠲᠦᠭᠡᠯ᠎ᠢ ᠲᠤᠬᠠᠢ ᠵᠢᠨ ᠭᠠᠵᠠᠷ᠎ᠲᠤᠨᠢ ᠣᠨᠳᠣᠣᠰᠢᠭᠤᠯᠤᠨ ᠬᠡᠷᠡᠭᠯᠡᠬᠦ ᠵᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ᠃ ᠠᠷᠪᠠᠨ ᠨᠢᠭᠡ᠎ᠳᠤ᠂ ᠨᠠᠮ᠎ᠤᠨ ᠬᠣᠷᠢᠶ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠣᠷᠢᠶ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃
      ᠢᠦᠢ ᠯᠢ ᠰᠢᠨ᠂ ᠪᠦᠦ ᠰᠢᠶᠠᠨ ᠬᠤᠸᠠ᠂ ᠶᠠᠩ ᠵᠢᠶᠧ᠂ ᠰᠦᠨ ᠵᠢᠶᠦ᠋ᠨ ᠴᠢᠩ ᠲᠤᠰ ᠲᠤᠰ ᠬᠣᠯᠪᠣᠭᠳᠠᠯ ᠪᠦᠬᠦᠢ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠦᠬᠠᠶ ᠬᠣᠲᠠ᠎ᠳᠤ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ 《ᠪᠦᠰᠡᠯᠡᠯᠳᠡ ᠰᠢᠪᠲᠤᠯᠬᠤ》 ᠢᠨᠵᠧᠨᠧᠷᠢᠩ — ᠰᠠᠨᠰᠠᠷ ᠤᠬᠳᠠᠷᠭᠤᠢ ᠵᠢᠨ ᠬᠡᠮ ᠠᠯᠤᠰᠯᠠᠨ ᠬᠡᠮᠵᠢᠬᠦ ᠰᠠᠭᠤᠷᠢ ᠶᠡᠬᠡ ᠰᠢᠨᠵᠢᠯᠡᠬᠦ ᠤᠬᠠᠭ᠋ᠠᠨ᠎ᠤ ᠲᠣᠨᠣᠭᠯᠠᠯ ᠪᠣᠯᠤᠨ ᠥᠨᠳᠥᠷ ᠴᠢᠳᠠᠪᠬᠢᠲᠤ ᠭᠡᠷᠡᠯᠴᠢ ᠰᠠᠷᠠᠯᠵᠢ ᠵᠢᠨ ᠠᠵᠤ ᠦᠢ᠍ᠯᠡᠰᠵᠢᠯᠲᠡ ᠵᠢᠨ ᠲᠦᠷᠦᠯ ᠵᠦᠢ᠍ᠯ᠎ᠢ ᠡᠬᠢᠯᠡᠨ ᠪᠦᠲᠦᠬᠡᠨ ᠪᠠᠶ᠋ᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ ᠡᠬᠢᠯᠡᠪᠡ ᠰᠦᠨ ᠱᠣᠣ ᠴᠧᠩ ᠬᠤᠷᠠᠯ᠎ᠢ ᠡᠷᠬᠢᠯᠡᠪᠡ
2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠪᠤᠭᠤᠲᠤ ᠬᠣᠲᠠ᠎ᠳᠤ ᠲᠡᠭᠦᠰᠪᠡ
 
            