5 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ ᠡᠬᠢᠯᠡᠭᠰᠡᠨ ᠪᠥᠭᠡᠳ ᠠᠩᠬᠠᠳᠤᠭ᠋ᠠᠷ ᠪᠦᠭᠦᠳᠡ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠦᠷᠢᠯᠳᠦᠭᠦᠨ ᠣᠲᠣ 73 ᠬᠥᠮᠥᠨ ᠪᠤᠶ᠂ ᠲᠣᠰ ᠤᠳᠠᠭ᠎ᠠ ᠵᠢᠨ ᠬᠤᠷᠠᠯ᠎ᠳᠤ 65 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠸᠨ ᠰᠢᠤᠸᠠᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠰᠤᠯᠠ ᠣᠷᠣᠯᠴᠠᠪᠠ᠃

ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ᠂ ᠬᠤᠷᠠᠯ᠎ᠠᠴᠠ ᠴᠢ᠊ ᠪᠠᠲᠤ ᠵᠢᠨ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠡᠷᠭᠢᠯᠡᠭᠴᠢ ᠭᠡᠰᠢᠭᠦᠨ ᠰᠠᠷᠠᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢ ᠠᠬᠢᠭᠤᠯᠬᠤ ᠳᠦᠷᠢᠮ (ᠲᠥᠰᠥᠯ᠎ᠤᠨ ᠵᠠᠰᠠᠪᠤᠷᠢ ᠣᠷᠣᠭᠤᠯᠤᠭᠰᠠᠨ ᠨᠣᠣᠷᠠᠭ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠡᠷᠭᠢᠯᠡᠭᠴᠢ ᠭᠡᠰᠢᠭᠦᠨ ᠱ᠌ᠢ ᠸᠠᠨ ᠵᠢᠶᠦ᠋ᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮᠡᠭᠲᠡᠢ᠌ᠴᠦᠳ᠎ᠤᠨ ᠡᠷᠬᠡ ᠠᠰᠢᠭ᠎ᠢ ᠪᠠᠲᠤᠯᠠᠬᠤ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢᠨ ᠲᠤᠬᠠᠢ ᠲᠣᠳᠣᠷᠬᠠᠢ᠌ᠯᠠᠯᠲᠠ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢᠨ ᠲᠤᠬᠠᠢ ᠲᠣᠳᠣᠷᠬᠠᠢ᠌ᠯᠠᠯᠲᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ ᠵᠧᠩ ᠵᠢᠨ ᠴᠦᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠭᠢᠨ ᠵᠥᠪᠯᠡᠬᠦ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠩᠰᠠᠯᠠᠵᠤ ᠬᠢᠨᠠᠨ ᠪᠠᠢ᠌ᠴᠠᠭ᠋ᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠭᠦᠩ ᠮᠢᠩ ᠵᠦ᠍ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ; ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠤ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠤᠨ ᠲᠤᠬᠠᠢ ᠲᠣᠳᠣᠷᠬᠠᠢ᠌ᠯᠠᠯᠲᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠠᠵᠢᠯ᠎ᠤᠨ ᠵᠥᠪᠯᠡᠯ᠎ᠤᠨ ᠡᠷᠭᠢᠯᠡᠭᠴᠢ ᠮᠥᠩᠭᠦᠨᠴᠡᠴᠡᠭ᠎ᠤᠨ ᠬᠢᠭᠰᠡᠨ 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠣᠭᠲᠠᠭ᠋ᠠᠯ (ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ᠃
ᠬᠤᠷᠠᠯ᠎ᠠᠴᠠ ᠴᠢ᠊ ᠪᠠᠲᠤ ᠵᠢᠨ ᠬᠢᠭᠰᠡᠨ ᠦᠨᠡᠨᠴᠢ ᠢᠲᠡᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ ᠬᠡᠦᠬᠡᠳ᠎ᠤᠨ ᠠᠵᠢᠯ᠎ᠤᠨ ᠵᠥᠪᠯᠡᠯ᠎ᠤᠨ ᠳᠡᠳ᠋ ᠡᠷᠭᠢᠯᠡᠭᠴᠢ ᠸᠠᠩ ᠹᠠᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠥᠭᠵᠢᠯᠲᠡ ᠵᠢᠨ ᠬᠥᠲᠥᠯᠪᠦᠷᠢ (2021 – 2030 ᠣᠨ)》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠬᠥᠭᠵᠢᠯᠲᠡ ᠵᠢᠨ ᠬᠥᠲᠥᠯᠪᠦᠷᠢ (2021 – 2030 ᠣᠨ)》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠳᠠᠷᠤᠭ᠎ᠠ ᠭᠦᠸᠧ ᠢᠦᠢ ᠹᠧᠩ᠎ᠤᠨ ᠬᠢᠭᠰᠡᠨ ᠪᠦᠭᠦ ᠣᠷᠣᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ 《ᠳᠤᠯᠠᠭ᠋ᠠᠯᠠᠭ᠎ᠠ ᠵᠢᠨ ᠢᠨᠵᠧᠨᠧᠷᠢᠩ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠭᠢᠯᠡᠭᠴᠢ ᠯᠢᠦ ᠶᠦᠩ᠎ᠤᠨ ᠬᠢᠭᠰᠡᠨ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠳᠠᠷᠤᠭ᠎ᠠ ᠭᠦᠸᠧ ᠵᠠᠨ ᠵᠢᠶᠠᠩ᠎ᠤᠨ ᠬᠢᠭᠰᠡᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠪᠦᠭᠦ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠸᠠᠩ ᠸᠠᠩ ᠱᠧᠩ᠎ᠤᠨ ᠬᠢᠭᠰᠡᠨ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ 2023 ᠣᠨ᠎ᠤ ᠣᠷᠴᠢᠨ ᠲᠣᠭᠣᠷᠢᠨ᠎ᠤ ᠪᠠᠢ᠌ᠳᠠᠯ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠡᠳ᠋ ᠳᠠᠷᠤᠭ᠎ᠠ ᠯᠢ ᠵᠢᠶᠠᠨ ᠫᠢᠩ᠎ᠤᠨ ᠬᠢᠭᠰᠡᠨ ᠪᠦᠭᠦ ᠣᠷᠣᠨ᠎ᠤ ᠰᠢᠭᠦᠬᠦ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠯᠥᠭᠡᠯᠡᠭᠴᠢ ᠵᠢᠨ ᠬᠢᠷᠢ ᠭᠡᠮ᠎ᠢ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ᠎ᠤ ᠬᠢᠭᠰᠡᠨ ᠣᠨᠴᠠ ᠵᠠᠷᠢᠮ ᠲᠥᠯᠥᠭᠡᠯᠡᠭᠴᠢ ᠵᠢᠨ ᠲᠥᠯᠥᠭᠡᠯᠡᠭᠴᠢ ᠵᠢᠨ ᠬᠢᠷᠢ ᠭᠡᠮ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠡᠯ᠎ᠡ ᠲᠣᠭᠣᠷᠢᠭ ᠪᠠᠢ᠌ᠭᠤᠯᠤᠭᠰᠠᠨ ᠬᠤᠳᠠ ᠵᠢᠨ ᠵᠥᠪᠰᠢᠶᠡᠷᠡᠭᠦᠯᠬᠦ᠎ᠪᠠᠷ ᠳᠡᠪᠰᠢᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠤᠰᠬᠠᠢ ᠵᠥᠪᠯᠡᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠲᠤᠰᠢᠶᠠᠭᠰᠠᠨ 1 – 9 ᠳ᠋ᠦ᠍ᠭᠡᠷ ᠲᠣᠭ᠋ᠠᠲᠤ ᠰᠠᠨᠠᠯ ᠵᠥᠪᠯᠡᠯᠭᠡ ᠵᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 〈ᠤᠯᠤᠰ᠎ᠤᠨ ᠨᠡᠢ᠌ᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠤᠨ ᠪᠠᠢ᠌ᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠦᠯᠦᠯᠲᠡ〉 ᠵᠢ ᠬᠢᠨᠠᠨ ᠵᠥᠪᠯᠡᠭᠰᠡᠨ ᠰᠠᠨᠠᠯ》᠎ᠢ ᠰᠢᠢ᠍ᠳᠪᠦᠷᠢᠯᠡᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠲᠤᠰᠢᠶᠠᠯ᠎ᠳᠤ ᠲᠣᠮᠢᠯᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠬᠢᠨᠠᠨ ᠵᠥᠪᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠨᠥᠬᠥᠳ᠂ ᠠᠢ᠌ᠮᠠᠭ᠎ᠤᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠲᠣᠭᠣᠷᠢᠭ ᠪᠠᠢ᠌ᠭᠤᠯᠤᠭᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠢᠭᠦᠬᠦ ᠬᠣᠷᠢᠶ᠎ᠠ ᠪᠠᠢ᠌ᠴᠠᠭ᠋ᠠᠬᠤ ᠬᠣᠷᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃