5 ᠳ᠋ᠤᠭ᠋ᠠᠷ ᠰᠠᠷ᠎ᠠ ᠵᠢᠨ 25᠎ᠤ ᠡᠳᠦᠷ᠂ 2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ ᠵᠢᠴᠢ ᠪᠥᠬᠥ ᠣᠷᠣᠨ᠎ᠤ ᠬᠣᠷᠢ ᠶᠢᠰᠦᠳᠦᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠤᠬᠠᠭᠤᠯᠭ᠎ᠠ ᠵᠢᠨ ᠭᠠᠷᠠᠭ ᠦᠬᠠᠶ ᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠷᠦᠩ ᠴᠠᠩ ᠫᠢᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ᠂ ᠳᠡᠳ᠋ ᠳᠠᠷᠤᠭ᠎ᠠ ᠵᠠᠩ ᠶᠢᠩ ᠯᠦ᠍᠂ ᠦᠬᠠᠶ ᠬᠣᠲᠠ ᠵᠢᠨ ᠲᠠᠰ᠎ᠤᠨ ᠤᠳᠤᠷᠢᠳᠤᠯᠭ᠎ᠠ ᠯᠢ ᠳ᠋ᠦᠩ᠂ ᠦᠬᠠᠶ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠪᠠᠶ ᠬᠠᠶ ᠷᠦᠩ ᠵᠡᠷᠭᠡ ᠤᠳᠤᠷᠢᠳᠤᠯᠭ᠎ᠠ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ ᠶᠠᠷᠢᠶ᠎ᠠ ᠲᠠᠯᠪᠢᠪᠠ᠃ ᠲᠣᠰ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ᠎ᠨᠢ 24᠎ᠳᠠᠬᠢ ᠪᠥᠬᠥ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ᠎ᠲᠠᠢ ᠠᠳᠠᠯᠢ ᠭᠣᠤᠯ ᠰᠡᠳᠦᠪ᠎ᠲᠠᠢ ᠪᠥᠭᠡᠳ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠪᠥᠬᠥ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ》᠎ᠪᠠᠷ ᠭᠣᠤᠯ ᠰᠡᠳᠦᠪ ᠪᠣᠯᠭ᠋ᠠᠵᠤ᠂ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠬᠢᠯᠡᠨ ᠪᠥᠬᠥ ᠣᠷᠣᠨ᠎ᠤ ᠬᠡᠪᠴᠢᠶᠡᠨ᠎ᠳᠤ ᠴᠠᠭ ᠠᠭᠤᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠂ ᠣᠶ ᠰᠢᠭᠤᠶ ᠡᠪᠡᠰᠦ ᠪᠡᠯᠴᠢᠭᠡᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ ᠵᠡᠷᠭᠡ ᠣᠯᠠᠨ ᠵᠦᠢᠯ᠎ᠤᠨ ᠠᠵᠢᠯᠯᠠᠭ᠎ᠠ ᠵᠢ ᠵᠡᠷᠭᠡ᠎ᠪᠡᠷ ᠥᠷᠨᠢᠭᠦᠯᠵᠦ᠂ 6 ᠳ᠋ᠤᠭ᠋ᠠᠷ ᠰᠠᠷ᠎ᠠ ᠵᠢᠨ 1᠎ᠤ ᠡᠳᠦᠷ ᠪᠣᠯᠲᠠᠯ᠎ᠠ ᠦᠷᠭᠦᠯᠵᠢᠯᠡᠭᠦᠯᠦᠨ᠎ᠡ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠶ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠣᠤᠯᠳᠠᠯᠭ᠎ᠠ᠎ᠲᠠᠢ ᠤᠬᠠᠭᠤᠯᠵᠤ᠂ ᠨᠡᠢ᠌ᠭᠡᠮ ᠳᠠᠶᠠᠭ᠋ᠠᠷ᠎ᠲᠤ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠲᠣᠰ ᠲᠣᠰ᠎ᠤᠨ ᠣᠨᠴᠠᠯᠢᠭ᠎ᠲᠠᠢ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠦᠨ᠎ᠡ᠃ ᠪᠦᠬᠦ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠰᠢᠯᠢᠳᠡᠭ ᠦᠷ᠎ᠡ ᠪᠦᠲᠦᠭᠡᠯ᠎ᠤᠨ ᠦᠵᠡᠭᠦᠯᠦᠯᠭᠡ᠂ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠰᠢᠨᠵᠢᠯᠡᠬᠦ ᠤᠬᠠᠭ᠋ᠠᠨᠲᠠᠨ᠎ᠤ ᠦᠯᠢᠭᠡᠷ᠎ᠢ ᠶᠠᠷᠢᠬᠤ》 ᠰᠢᠷᠢᠰ ᠤᠬᠠᠭᠤᠯᠭ᠎ᠠ ᠵᠢᠨ ᠠᠵᠢᠯᠯᠠᠭ᠎ᠠ᠂ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠢ᠌ᠯᠤᠮᠵᠢ ᠵᠢᠨ ᠤᠷᠤᠯᠳᠤᠭ᠋ᠠᠨ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠪᠢᠴᠢᠯ ᠸᠢᠳᠢᠣ᠋ ᠤᠷᠤᠯᠳᠤᠭ᠋ᠠᠨ᠂ ᠪᠦᠬᠦ ᠣᠷᠣᠨ᠎ᠤ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠦᠵᠡᠭᠦᠯᠦᠯᠭᠡ ᠵᠢᠨ ᠲᠣᠭᠯᠠᠯᠲᠠ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠤᠨ ᠲᠠᠨᠢᠯᠴᠠᠭᠤᠯᠭ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠠ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠯᠪᠤᠷᠢ ᠪᠠᠭ᠎ᠠ ᠠᠩᠭᠢ ᠠᠢ᠌ᠮᠠᠭ ᠬᠣᠲᠠ᠎ᠪᠠᠷ ᠠᠶᠠᠯᠠᠬᠤ ᠵᠡᠷᠭᠡ ᠰᠢᠷᠢᠰ ᠵᠢᠱ᠌ᠢᠶ᠎ᠡ ᠦᠵᠡᠭᠦᠯᠬᠦ ᠴᠢᠨᠠᠷᠲᠠᠶ ᠠᠯᠢ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠵᠦ᠂ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨᠵᠢᠯᠡᠬᠦ ᠤᠬᠠᠭ᠋ᠠᠨ᠎ᠤ ᠦᠵᠡᠯ ᠰᠠᠨᠠᠭ᠎ᠠ ᠵᠢ ᠤᠯᠠᠮᠵᠢᠯᠠᠬᠤ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ᠎ᠳᠤ ᠴᠢᠬᠤᠯᠠ ᠲᠠᠪᠴᠠᠩ ᠬᠠᠩᠭ᠋ᠠᠨ᠂ ᠪᠦᠬᠦ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠢ ᠡᠷᠬᠢᠮᠯᠡᠬᠦ᠂ ᠰᠢᠨᠵᠢᠯᠡᠬᠦ ᠤᠬᠠᠭ᠋ᠠᠨ᠎ᠳᠤ ᠳᠤᠷᠠᠲᠠᠶ᠂ ᠰᠢᠨᠵᠢᠯᠡᠬᠦ ᠤᠬᠠᠭ᠋ᠠᠨ᠎ᠢ ᠰᠤᠷᠬᠤ᠂ ᠰᠢᠨᠵᠢᠯᠡᠬᠦ ᠤᠬᠠᠭ᠋ᠠᠨ᠎ᠢ ᠬᠡᠷᠡᠭᠯᠡᠬᠦ ᠰᠠᠢ᠌ᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠤᠨ᠎ᠠ᠃ ᠡᠨᠡ ᠵᠢᠯ ᠪᠠᠰᠠ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠴᠣᠭ ᠵᠢᠪᠬᠤᠭ᠎ᠠ ᠵᠢ ᠳᠡᠯᠭᠡᠨ ᠦᠵᠡᠭᠦᠯᠬᠦ ᠭᠣᠭᠴᠣᠭ᠎ᠠ ᠵᠢ ᠣᠨᠴᠠᠭ᠋ᠠᠢ᠌ᠯᠠᠨ ᠳᠣᠭᠢᠷᠠᠭᠤᠯᠵᠤ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ᠎ᠳᠤ ᠡᠯ᠎ᠡ ᠠᠢ᠌ᠮᠠᠭ ᠬᠣᠲᠠ ᠵᠢᠨ ᠠᠳᠠᠯᠢ ᠪᠤᠰᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠭᠤᠯᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠠᠬᠢᠭᠤᠯᠤᠨ᠎ᠠ᠃

ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠦᠬᠠᠶ ᠬᠣᠲᠠ ᠵᠢᠨ 《ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠳᠠᠷᠠᠭ᠋ᠠᠬᠢ ᠨᠥᠬᠥᠪᠥᠷᠢ ᠵᠢᠨ ᠪᠠᠯᠠ ᠮᠥᠩᠭᠥ》ᠣᠯᠤᠭᠰᠠᠨ ᠠᠵᠤ ᠠᠬᠤᠢ᠌ᠯᠠᠯ᠎ᠤᠨ ᠲᠥᠯᠥᠭᠡᠯᠡᠭᠴᠢᠳ᠎ᠲᠤ ᠱᠠᠩᠨᠠᠯ᠎ᠤᠨ ᠮᠧᠳᠠᠯ ᠣᠯᠭᠣᠪᠠ
ᠲᠣᠰ ᠤᠳᠠᠭ᠋ᠠᠨ᠎ᠤ ᠡᠬᠢᠯᠡᠯᠲᠡ ᠵᠢᠨ ᠶᠣᠰᠣᠯᠠᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠂ ᠦᠬᠠᠶ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠭᠣᠤᠯᠯᠠᠨ ᠡᠷᠭᠢᠯᠡᠵᠦ᠂ ᠦᠬᠠᠶ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠠᠴᠠ ᠬᠠᠮᠲᠤ᠎ᠪᠠᠷ ᠳᠠᠭ᠋ᠠᠭ᠋ᠠᠴᠢᠯᠠᠨ ᠡᠷᠭᠢᠯᠡᠪᠡ᠃ ᠲᠤᠬᠠᠶ ᠵᠢᠨ ᠲᠠᠯᠠᠪᠠᠶ᠎ᠳᠤ《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠢ᠌ᠨ ᠳᠤᠷᠠᠴᠤᠳ᠎ᠤᠨ ᠦᠢᠯᠡᠴᠢᠯᠡᠭᠡᠨ᠎ᠤ ᠠᠩᠭᠢ》᠎ᠳᠤ ᠲᠣᠭ ᠣᠯᠭᠣᠬᠤ ᠶᠣᠰᠣᠯᠠᠯ᠂ ᠰᠢᠨᠵᠢᠯᠡᠬᠦ ᠤᠬᠠᠭ᠋ᠠᠨᠲᠠᠳ᠎ᠤᠨ ᠶᠠᠷᠢᠶ᠎ᠠ ᠢᠯᠡᠳᠬᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠮᠤᠷ ᠲᠦᠪᠰᠢᠨ᠎ᠤ ᠭᠣᠤᠯ ᠰᠡᠳᠦᠪᠲᠦ ᠲᠠᠢ᠌ᠯᠤᠮᠵᠢ ᠬᠢᠭᠰᠡᠨ ᠪᠥᠭᠡᠳ《ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠳᠠᠷᠠᠭ᠋ᠠᠬᠢ ᠨᠥᠬᠥᠪᠥᠷᠢ ᠵᠢᠨ ᠪᠠᠯᠠ ᠮᠥᠩᠭᠥ》 ᠣᠯᠤᠭᠰᠠᠨ ᠠᠵᠤ ᠠᠬᠤᠢ᠌ᠯᠠᠯ᠎ᠳᠤ ᠱᠠᠩᠨᠠᠯ᠎ᠤᠨ ᠮᠧᠳᠠᠯ ᠣᠯᠭᠣᠪᠠ᠃ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠣᠲᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠨᠢᠭᠡᠴᠢ ᠵᠢᠴᠢ ᠠᠵᠤ ᠠᠬᠤᠢ᠌ᠯᠠᠯ᠎ᠤᠨ᠎ᠬᠢᠨ ᠣᠢ᠌ᠷ᠎ᠠ ᠵᠢᠨ ᠵᠢᠯ᠎ᠤᠨ ᠲᠤᠷᠰᠢ ᠣᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠠᠮᠵᠢᠯᠲᠠ ᠪᠦᠲᠦᠮᠵᠢ᠎ᠪᠠᠨ ᠲᠤᠬᠠᠶ ᠵᠢᠨ ᠲᠠᠯᠠᠪᠠᠶ᠎ᠳᠤ ᠳᠡᠯᠭᠡᠨ ᠦᠵᠡᠭᠦᠯᠵᠦ᠂ ᠣᠯᠠᠨ ᠨᠡᠢ᠌ᠲᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠲᠠᠢ ᠣᠢ᠌ᠷᠠᠳᠬᠤ᠂ ᠰᠢᠨ᠎ᠡ ᠡᠭᠦᠳᠦᠯᠲᠡ ᠵᠢ ᠪᠡᠶ᠎ᠡ᠎ᠪᠠᠷ ᠵᠶ᠋ᠡᠨ ᠣᠢ᠌ᠯᠠᠭ᠋ᠠᠵᠤ᠂ ᠣᠯᠠᠨ ᠨᠡᠢ᠌ᠲᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠰᠢᠭᠤᠷᠠᠯ ᠬᠦᠷᠢᠶᠡᠨ᠎ᠳᠠᠬᠢ ᠣᠢ᠌ᠯᠠᠭ᠋ᠠᠯᠲᠠ ᠵᠢ ᠨᠡᠮᠡᠭᠳᠡᠭᠦᠯᠵᠦ᠂ ᠪᠥᠬᠥ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ᠃


ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠰᠢᠨᠵᠢᠯᠡᠬᠦ ᠤᠬᠠᠭ᠋ᠠᠨ᠎ᠤ ᠦᠵᠡᠯ ᠰᠠᠨᠠᠭ᠎ᠠ᠎ᠪᠠᠨ ᠰᠣᠯᠢᠯᠴᠠᠬᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠴᠢᠬᠤᠯᠠ ᠲᠠᠪᠴᠠᠩ ᠪᠣᠯᠤᠭᠰᠠᠨ᠎ᠤ ᠬᠤᠪᠢ᠎ᠳᠤ᠂ ᠨᠢᠭᠡ ᠤᠳᠠᠭ᠋ᠠᠨ᠎ᠤ ᠰᠢᠨᠵᠢᠯᠡᠬᠦ ᠤᠬᠠᠭ᠋ᠠᠨ᠎ᠤ ᠦᠪᠡᠳᠡᠭᠰᠢ ᠴᠤᠭᠯᠠᠭ᠋ᠠᠨ ᠪᠣᠯᠬᠤ᠎ᠪᠠᠷ ᠪᠠᠷᠠᠬᠤ ᠦᠭᠡᠶ᠂ ᠨᠡᠩ ᠴᠤ᠌ ᠨᠢᠭᠡ ᠤᠳᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠪᠣᠯᠤᠨ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠠᠵᠠ ᠲᠣᠬᠢᠶᠠᠯ ᠪᠣᠯᠬᠤ ᠶᠤᠮ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠵᠢ ᠡᠷᠭᠢᠯᠡᠬᠦ᠎ᠪᠠᠷ ᠠᠵᠠ ᠲᠣᠬᠢᠶᠠᠯ ᠪᠣᠯᠭ᠋ᠠᠵᠤ᠂ ᠣᠯᠠᠨ ᠶᠠᠩᠵᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠦᠨ᠂ ᠣᠨᠴᠠᠭ᠋ᠠᠢ᠌ᠯᠠᠨ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢ ᠶᠡᠬᠡᠪᠡᠷ ᠤᠬᠠᠭᠤᠯᠤᠨ ᠲᠦᠭᠡᠮᠡᠯᠵᠢᠭᠦᠯᠵᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠠᠷᠠᠳ᠎ᠲᠤ ᠠᠰᠢᠭ ᠬᠦᠷᠲᠡᠭᠡᠬᠦ ᠵᠢ ᠲᠦᠯᠬᠢᠨ ᠠᠬᠢᠭᠤᠯᠵᠤ᠂ ᠡᠭᠦᠨ᠎ᠤ ᠬᠠᠮᠲᠤ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠤᠨ᠂ ᠨᠡᠢ᠌ᠭᠡᠮ ᠳᠠᠶᠠᠭ᠋ᠠᠷ᠎ᠲᠤ ᠮᠡᠳᠡᠯᠭᠡ ᠵᠢ ᠬᠦᠨᠳᠦᠳᠬᠡᠬᠦ ᠶᠠᠪᠤᠳᠠᠯ᠎ᠢ ᠨᠡᠩ ᠥᠷᠭᠡᠨ ᠵᠶ᠋ᠡᠷ ᠪᠤᠢ ᠪᠣᠯᠭ᠋ᠠᠬᠤ ᠵᠢ ᠲᠦᠯᠬᠢᠨ ᠠᠬᠢᠭᠤᠯᠵᠤ᠂ ᠰᠢᠨ᠎ᠡ ᠵᠢ ᠡᠭᠦᠳᠬᠦ ᠵᠢ ᠡᠷᠬᠢᠮᠯᠡᠬᠦ᠂ ᠴᠢᠳᠠᠪᠤᠷᠢᠲᠠᠨ᠎ᠢ ᠬᠦᠨᠳᠦᠳᠬᠡᠬᠦ᠂ ᠰᠢᠨᠵᠢᠯᠡᠬᠦ ᠤᠬᠠᠭ᠋ᠠᠨ᠎ᠳᠤ ᠪᠠᠬᠠᠲᠠᠢ᠂ ᠰᠢᠨᠵᠢᠯᠡᠬᠦ ᠤᠬᠠᠭ᠋ᠠᠨ᠎ᠳᠤ ᠪᠡᠶ᠎ᠡ᠎ᠪᠠᠨ ᠵᠣᠷᠢᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠠᠯᠬᠤᠴᠠ ᠵᠢ ᠲᠦᠷᠭᠡᠳᠬᠡᠨ᠎ᠡ᠃