ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ 《ᠪᠦᠰᠡᠯᠡᠯᠳᠡ ᠰᠢᠪᠲᠤᠯᠬᠤ》 ᠢᠨᠵᠧᠨᠧᠷᠢᠩ — ᠰᠠᠨᠰᠠᠷ ᠤᠬᠳᠠᠷᠭᠤᠢ ᠵᠢᠨ ᠬᠡᠮ ᠠᠯᠤᠰᠯᠠᠨ ᠬᠡᠮᠵᠢᠬᠦ ᠰᠠᠭᠤᠷᠢ ᠶᠡᠬᠡ ᠰᠢᠨᠵᠢᠯᠡᠬᠦ ᠤᠬᠠᠭ᠋ᠠᠨ᠎ᠤ ᠲᠣᠨᠣᠭᠯᠠᠯ ᠪᠣᠯᠤᠨ ᠥᠨᠳᠥᠷ ᠴᠢᠳᠠᠪᠬᠢᠲᠤ ᠭᠡᠷᠡᠯᠴᠢ ᠰᠠᠷᠠᠯᠵᠢ ᠵᠢᠨ ᠠᠵᠤ ᠦᠢ᠍ᠯᠡᠰᠵᠢᠯᠲᠡ ᠵᠢᠨ ᠲᠦᠷᠦᠯ ᠵᠦᠢ᠍ᠯ᠎ᠢ ᠡᠬᠢᠯᠡᠨ ᠪᠦᠲᠦᠬᠡᠨ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2024-05-29


   5 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠤᠭ᠌ᠨᠶ᠋ᠢᠡ ᠮᠡᠷᠭᠡᠵᠢᠯ᠎ᠤᠨ 《ᠪᠦᠰᠡᠯᠡᠯᠳᠡ ᠰᠢᠪᠲᠤᠯᠬᠤ》 ᠢᠨᠵᠧᠨᠧᠷᠢᠩ — ᠰᠠᠨᠰᠠᠷ ᠤᠬᠳᠠᠷᠭᠤᠢ ᠵᠢᠨ ᠬᠡᠮ ᠠᠯᠤᠰᠯᠠᠨ ᠬᠡᠮᠵᠢᠬᠦ ᠰᠠᠭᠤᠷᠢ ᠶᠡᠬᠡ ᠰᠢᠨᠵᠢᠯᠡᠬᠦ ᠤᠬᠠᠭ᠋ᠠᠨ᠎ᠤ ᠲᠣᠨᠣᠭᠯᠠᠯ ᠪᠣᠯᠤᠨ ᠥᠨᠳᠥᠷ ᠴᠢᠳᠠᠪᠬᠢᠲᠤ ᠭᠡᠷᠡᠯᠴᠢ ᠰᠠᠷᠠᠯᠵᠢ ᠵᠢᠨ ᠠᠵᠤ ᠦᠢ᠍ᠯᠡᠰᠵᠢᠯᠲᠡ ᠵᠢᠨ ᠲᠦᠷᠦᠯ ᠵᠦᠢ᠍ᠯ᠎ᠢ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠲᠤ ᠡᠬᠢᠯᠡᠨ ᠪᠦᠳᠦᠭᠡᠨ ᠪᠠᠶ᠋ᠢᠭᠤᠯᠪᠠ᠃


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠤᠷᠢᠶ᠎ᠠ ᠵᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠠᠢ᠃


      ᠲᠣᠰ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠠᠵᠤ ᠦᠢ᠍ᠯᠡᠰ᠎ᠤᠨ ᠬᠡᠷᠡᠭᠯᠡᠭᠡᠨ᠎ᠤ ᠬᠤᠤᠰ ᠴᠢᠭᠯᠡᠯ ᠵᠶ᠋ᠠᠷ ᠭᠠᠵᠠᠷ ᠤᠷᠤᠨ ᠰᠤᠨᠳᠠᠯᠠᠭᠰᠠᠨ ᠵᠠᠭᠪᠤᠷ᠎ᠢ ᠰᠦᠪᠡᠭᠴᠢᠯᠡᠵᠦ᠂ ᠰᠠᠨᠰᠠᠷ ᠤᠬᠳᠠᠷᠭᠤᠢ ᠵᠢᠨ ᠬᠡᠮ ᠠᠯᠤᠰᠯᠠᠨ ᠬᠡᠮᠵᠢᠬᠦ ᠰᠠᠭᠤᠷᠢ ᠶᠡᠬᠡ ᠰᠢᠨᠵᠢᠯᠡᠬᠦ ᠤᠬᠠᠭ᠋ᠠᠨ᠎ᠤ ᠲᠣᠨᠣᠭᠯᠠᠯ ᠬᠢᠭᠡᠳ ᠦᠨᠳᠦᠷ ᠴᠢᠳᠠᠪᠬᠢᠲᠤ ᠬᠡᠷᠡᠯᠴᠢ ᠰᠡᠷᠡᠯᠵᠢ ᠵᠢᠨ ᠠᠵᠤ ᠦᠢ᠍ᠯᠡᠰᠵᠢᠭᠰᠡᠨ ᠦᠢ᠍ᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠶ᠋ᠢᠭᠤᠯᠤᠨ᠎ᠠ᠃ ᠲᠥᠷᠥᠯ ᠵᠦᠢ᠍ᠯ᠎ᠤᠨ ᠶᠡᠷᠦᠩᠬᠡᠶ ᠪᠡᠯᠡ ᠣᠷᠣᠭᠤᠯᠤᠯᠲᠠ᠎ᠨᠢ ᠪᠠᠷᠤᠭ 12.5 ᠳ᠋ᠦᠩᠰᠢᠭᠤᠷ ᠲᠥᠭᠥᠷᠢᠭ ᠪᠠᠶ᠋ᠢᠵᠤ᠂ ᠬᠣᠶᠠᠷ ᠬᠤᠭᠤᠴᠠᠭ᠎ᠠ ᠬᠤᠪᠢᠶᠠᠵᠤ 5 ᠵᠢᠯ᠎ᠳᠤ ᠪᠦᠲᠦᠭᠡᠨ ᠪᠠᠶ᠋ᠢᠭᠤᠯᠵᠤ ᠳᠠᠭᠤᠰᠬᠠᠨ᠎ᠠ᠃ ᠲᠣᠰ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠪᠣᠯ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠭᠡᠨ ᠬᠥᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠳᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ ᠵᠢ ᠠᠬᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠠᠷᠭ᠎ᠠ ᠬᠡᠮᠵᠢᠶ᠎ᠡ ᠪᠠᠶ᠋ᠢᠵᠦ᠂ ᠪᠦᠲᠦᠬᠡᠨ ᠪᠠᠶ᠋ᠢᠭᠤᠯᠵᠦ ᠲᠠᠭᠤᠰᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠣᠶᠤᠨᠴᠢ ᠦᠢ᠍ᠯᠡᠳᠭᠡᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠡᠭᠦᠳᠬᠦ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠬᠦᠴᠦᠷᠬᠡᠭᠵᠢᠬᠦᠯᠬᠦ᠂ ᠲᠣᠮᠣ ᠳ᠋ᠠᠶ᠋ᠢᠲ᠋ᠠ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ᠎ᠳᠤ ᠲᠤᠶ᠋ᠢᠯ᠎ᠤᠨ ᠴᠢᠬᠤᠯᠠ ᠦᠢ᠍ᠯᠡᠳᠦᠯ ᠦᠵᠡᠭᠦᠯᠬᠦ ᠪᠣᠯᠤᠨ᠎ᠠ᠃
    ᠬᠥᠬᠡᠬᠣᠲᠠ ᠵᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ ᠵᠦ᠍ ᠵᠢᠶᠠᠨ ᠭᠦᠸᠧ ᠡᠬᠢᠯᠡᠯᠲᠡ ᠵᠢᠨ ᠶᠣᠰᠣᠯᠠᠯ᠎ᠢ ᠡᠷᠭᠢᠯᠡᠵᠦ᠂ ᠬᠣᠲᠠ ᠵᠢᠨ ᠳᠡᠳ᠋ ᠳᠠᠷᠤᠭ᠎ᠠ ᠵᠢᠶᠤᠤ ᠬᠣᠩ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠶ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ ᠡᠬᠢᠯᠡᠪᠡ ᠰᠦᠨ ᠱᠣᠣ ᠴᠧᠩ ᠬᠤᠷᠠᠯ᠎ᠢ ᠡᠷᠬᠢᠯᠡᠪᠡ
2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠪᠤᠭᠤᠲᠤ ᠬᠣᠲᠠ᠎ᠳᠤ ᠲᠡᠭᠦᠰᠪᠡ
ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ᠎ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠠᠢ
 
            