4 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠴᠦᠩᠴᠢᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠮᠠᠰᠢ ᠴᠢᠩᠭ᠎ᠠ ᠤᠯᠤᠰ ᠲᠥᠷᠥ ᠵᠢᠨ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠣᠳᠬᠤ ᠴᠢᠨᠠᠷᠲᠠᠢ ᠪᠠᠢ᠌ᠵᠤ᠂ ᠨᠠᠩ ᠥᠨᠳᠥᠷ ᠭᠠᠷᠤᠭ᠎ᠠ᠎ᠠᠴᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠂ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠦᠩᠴᠢᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ᠎ᠨᠢ ᠥᠪᠥᠷ ᠮᠣᠩᠭᠣᠯ᠎ᠳᠤ ᠴᠤ᠌ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠥᠪᠥᠷ ᠮᠣᠩᠭᠣᠯ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠠᠵᠢᠯ᠎ᠢ ᠰᠠᠢ᠌ᠲᠤᠷ ᠬᠢᠬᠦ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠢᠮᠠᠭᠲᠠ ᠰᠠᠢ᠌ᠲᠤᠷ ᠬᠢᠵᠦ ᠪᠡᠶᠡᠯᠡᠭᠦᠯᠦᠨ᠂ ᠶᠡᠬᠡ᠎ᠪᠠᠷ ᠬᠠᠮᠠᠭ᠋ᠠᠯᠠᠬᠤ᠂ ᠶᠡᠬᠡ᠎ᠪᠠᠷ ᠨᠡᠭᠡᠭᠡᠯᠲᠡ ᠬᠢᠬᠦ᠂ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠠᠵᠤ ᠦᠢ᠍ᠯᠡᠰ᠎ᠤᠨ ᠪᠦᠲᠦᠴᠡ ᠵᠢᠨ ᠭᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠶᠡᠬᠡ᠎ᠪᠠᠷ ᠠᠬᠢᠭᠤᠯᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ 《ᠬᠣᠣᠰ ᠢᠯᠠᠯᠲᠠ》 ᠵᠢ ᠪᠠᠷᠢᠮᠲᠠᠯᠠᠵᠤ ᠲᠥᠪ ᠪᠠ ᠣᠷᠣᠨ ᠨᠤᠲᠤᠭ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠠᠢ᠌ᠲᠤᠷ ᠠᠳᠬᠤᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠲᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠵᠢ ᠪᠡᠶᠡᠯᠡᠭᠦᠯᠬᠦ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠨᠠᠩ ᠪᠣᠳᠠᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢ ᠥᠷᠭᠡᠳᠬᠡᠨ᠂ 《ᠭᠠᠷ ᠲᠠᠮᠵᠢᠪᠠᠴᠤ ᠠᠰᠢᠭ ᠭᠦᠷᠲᠡᠭᠦ ᠦᠭᠡᠢ》 ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠣᠷᠣᠨ ᠪᠦᠰᠡ ᠵᠢᠨ ᠬᠠᠮᠵᠢᠯᠴᠠᠭ᠎ᠠ ᠵᠢᠨ ᠨᠠᠩ ᠣᠯᠠᠨ ᠦᠷ᠎ᠡ ᠪᠦᠲᠦᠭᠡᠯ ᠣᠯᠬᠤ ᠵᠢ ᠠᠬᠢᠭᠤᠯᠬᠤ ᠬᠡᠷᠡᠭᠲᠡᠢ᠃ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ᠂ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠲᠤᠬᠠᠢ ᠵᠢᠨ ᠭᠠᠵᠠᠷ᠎ᠤᠨ ᠪᠠᠢ᠌ᠳᠠᠯᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠬᠣᠰᠢᠭᠤ ᠰᠢᠶᠠᠨ᠎ᠤ ᠠᠵᠤ ᠠᠬᠤᠢ ᠵᠢ ᠬᠥᠭᠵᠢᠭᠦᠯᠵᠦ᠂ ᠮᠠᠯᠴᠢᠨ ᠲᠠᠷᠢᠶᠠᠴᠢᠳ᠎ᠤᠨ ᠣᠢ᠌ᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠵᠢ ᠰᠠᠢ᠌ᠲᠤᠷ ᠪᠠᠢ᠌ᠭᠤᠯᠤᠨ ᠰᠠᠢ᠌ᠲᠤᠷ ᠬᠡᠷᠡᠭᠯᠡᠵᠦ᠂ ᠪᠠᠷᠠᠭ᠋ᠠᠨ᠎ᠤ ᠭᠦᠢ᠍ᠯᠭᠡᠭᠡᠨ᠎ᠤ ᠳᠤᠲᠠᠭᠤᠳᠠᠯ᠎ᠢ ᠲᠦᠷᠭᠡᠨ ᠨᠥᠬᠥᠪᠦᠷᠢᠯᠡᠬᠦ ᠬᠡᠷᠡᠭᠲᠡᠢ᠃ ᠦᠷᠭᠦᠯᠵᠢᠯᠡᠨ ᠬᠦᠴᠦᠯᠡᠵᠦ ᠪᠠᠢ᠌ᠭ᠋ᠠᠳ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠡᠯ᠎ᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠰᠠᠢ᠌ᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠪᠠ ᠬᠡᠪ ᠵᠠᠩᠰᠢᠯ᠎ᠢ ᠥᠭᠡᠷᠡᠴᠢᠯᠡᠬᠦ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠡᠨᠡ ᠬᠦ᠌ ᠭᠣᠣᠯ ᠰᠢᠵᠢᠮ᠎ᠢ ᠡᠯ᠎ᠡ ᠵᠦᠢ᠍ᠯ᠎ᠤᠨ ᠠᠵᠢᠯ᠎ᠳᠤ ᠨᠢᠳᠦᠨ᠎ᠳᠤ ᠦᠵᠡᠭᠳᠡᠮ᠎ᠡ ᠰᠡᠳᠬᠢᠯ᠎ᠳᠤ ᠰᠠᠭᠤᠭᠳᠠᠮ᠎ᠠ ᠭᠠᠷ᠎ᠲᠤ ᠪᠠᠷᠢᠭᠳᠠᠮ᠎ᠠ ᠠᠭᠤᠰᠤᠯᠴᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠩᠬᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ – ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠰᠠᠨᠰᠠᠷ᠎ᠤᠨ ᠠᠶᠠᠯᠠᠯ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ》᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ᠎ᠤᠨ ᠠᠵᠤ ᠦᠢ᠍ᠯᠡᠰ᠎ᠢ ᠬᠥᠭᠵᠢᠭᠦᠯᠬᠦ ᠲᠤᠬᠠᠢ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ ᠪᠦᠭᠦ ᠣᠷᠣᠨ᠎ᠤ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠠᠵᠢᠯ᠎ᠤᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠣᠯᠠᠨ ᠲᠦᠮᠡᠨᠴᠢ ᠬᠥᠮᠦᠵᠢᠯ᠎ᠢ ᠪᠠᠢ᠌ᠩᠭᠤ ᠥᠷᠨᠢᠭᠦᠯᠬᠦ ᠲᠤᠬᠠᠢ ᠵᠢᠯᠤᠭᠣᠳᠬᠤ ᠰᠠᠨᠠᠯ》᠎ᠢ ᠬᠢᠨᠠᠨ ᠵᠥᠪᠯᠡᠵᠦ᠂ ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ ᠳᠤᠮᠳᠠ ᠪᠦᠷᠢᠯᠳᠦᠭᠰᠡᠨ ᠰᠠᠢ᠌ᠨ ᠲᠤᠷᠰᠢᠯᠭ᠎ᠠ᠂ ᠰᠠᠢ᠌ᠨ ᠠᠷᠭ᠎ᠠ ᠬᠢᠳᠡᠯ᠎ᠢ ᠳᠦᠷᠢᠮ ᠲᠣᠭᠲᠠᠴᠠ ᠵᠢᠨ ᠠᠷᠭ᠎ᠠ ᠭᠡᠯᠪᠡᠷᠢ᠎ᠪᠠᠷ ᠲᠣᠭᠲᠠᠪᠤᠷᠢᠵᠢᠭᠤᠯᠵᠤ᠂ ᠣᠯᠠᠨ ᠲᠦᠮᠡᠨ᠎ᠤ ᠠᠵᠢᠯ᠎ᠤᠨ ᠠᠷᠭ᠎ᠠ ᠭᠡᠯᠪᠡᠷᠢ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠪᠠᠢ᠌ᠩᠭᠤᠵᠢᠯᠲᠠᠨᠢ ᠶᠡᠷᠦᠮᠳᠡᠭ ᠪᠤᠯᠬᠤ ᠵᠢ ᠰᠡᠷᠭᠡᠢ᠌ᠯᠡᠵᠦ᠂ ᠬᠡᠯᠪᠡᠷᠢᠴᠢ ᠦᠵᠡᠯ᠎ᠢ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠦᠭᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠬᠡ ᠶᠠᠪᠤᠳᠠᠯ》 ᠮᠥᠨ᠂ ᠡᠯ᠎ᠡ ᠱᠠᠲᠤᠨ᠎ᠤ᠎ᠬᠢᠨ ᠤᠯᠤᠰ ᠲᠦᠷᠦ ᠪᠠ ᠪᠦᠭᠦ ᠲᠠᠯ᠎ᠠ ᠵᠢᠨ ᠥᠨᠳᠥᠷᠴᠡ᠎ᠠᠴᠠ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠬᠠᠨᠳᠤᠬᠤ ᠪᠠ ᠲᠡᠭᠦᠨ᠎ᠢ ᠰᠠᠢ᠌ᠲᠤᠷ ᠠᠳᠬᠤᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ᠂ ᠲᠠᠷᠢᠶᠠᠯᠠᠭ᠎ᠠ ᠵᠢᠨ ᠴᠠᠭ᠎ᠢ ᠠᠯᠳᠠᠯ ᠦᠭᠡᠢ᠎ᠪᠠᠷ ᠬᠠᠪᠤᠷ᠎ᠤᠨ ᠤᠯᠠᠷᠢᠯ᠎ᠤᠨ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠎ᠢ ᠰᠠᠢ᠌ᠲᠤᠷ ᠵᠣᠬᠢᠶᠠᠨ ᠪᠠᠢ᠌ᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠠᠮᠤ ᠪᠤᠳᠠᠭ᠋ᠠᠨ᠎ᠤ ᠮᠦ᠍ ᠨᠢᠭᠡᠴᠢ ᠵᠢᠨ ᠤᠨᠠᠯᠲᠠ ᠵᠢᠨ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠭᠦ ᠬᠡᠷᠡᠭᠲᠡᠢ᠃ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠢᠳᠡᠪᠬᠢᠲᠡᠢ ᠬᠥᠭᠵᠢᠭᠦᠯᠵᠦ᠂ ᠲᠣᠭᠲᠠᠴᠠ ᠵᠢᠨ ᠰᠢᠨ᠎ᠡ ᠵᠢ ᠡᠭᠦᠳᠴᠦ ᠪᠠᠢ᠌ᠭ᠋ᠠᠳ ᠮᠠᠯ ᠠᠵᠤ ᠠᠬᠤᠢ ᠲᠠᠷᠢᠶᠠᠯᠠᠩ᠎ᠤᠨ ᠤᠰᠤ ᠠᠷᠪᠢᠯᠠᠬᠤ ᠭᠠᠵᠠᠷ ᠠᠷᠪᠢᠯᠠᠬᠤ᠂ ᠭᠠᠷᠤᠯᠲᠠ᠎ᠪᠠᠨ ᠨᠡᠮᠡᠭᠳᠡᠭᠦᠯᠵᠦ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃