ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-05-06


    ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠵᠢᠨ ᠲᠥᠯᠥᠭᠡ᠂ 4 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠠᠩ ᠬᠣᠩ ᠸᠧᠶ ᠵᠢ ᠣᠨᠴᠠᠭ᠋ᠠᠢ᠌ᠯᠠᠨ ᠤᠷᠢᠵᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠤᠨ ᠲᠤᠬᠠᠶ ᠪᠥᠬᠥ ᠨᠠᠮ᠎ᠤᠨ ᠭᠡᠰᠢᠭᠦᠨ ᠺᠠᠳ᠋ᠷ᠎ᠲᠤ ᠲᠤᠰᠬᠠᠶ ᠰᠡᠳᠦᠪᠲᠦ ᠬᠠᠪᠰᠤᠷᠤᠨ ᠵᠢᠯᠣᠭᠣᠳᠣᠯᠭ᠎ᠠ ᠬᠢᠯᠭᠡᠪᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠯᠢᠦ ᠱᠤᠸᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃



    ᠵᠠᠩ ᠬᠣᠩ ᠸᠧᠶ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ 《ᠳᠦᠷᠢᠮ》᠎ᠳᠤ ᠵᠠᠰᠠᠪᠤᠷᠢ ᠣᠷᠣᠭᠤᠯᠤᠭᠰᠠᠨ ᠴᠢᠬᠤᠯᠠ ᠶᠡᠬᠡ ᠠᠴᠢ ᠬᠣᠯᠪᠣᠭᠳᠠᠯ᠂ ᠭᠣᠣᠯ ᠠᠭᠤᠯᠭ᠎ᠠ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠡᠷᠭᠡ ᠲᠠᠯ᠎ᠠ᠎ᠪᠠᠷ ᠭᠣᠣᠯᠯᠠᠭᠤᠯᠤᠨ᠂ 《ᠵᠢᠷᠭᠤᠭ᠋ᠠᠨ ᠶᠡᠬᠡ ᠰᠠᠬᠢᠯᠭ᠎ᠠ ᠪᠠᠲᠤ》ᠵᠢ ᠵᠦᠢ᠍ᠯ ᠳᠠᠷᠠᠭ᠋ᠠᠯᠠᠨ ᠲᠠᠢ᠌ᠯᠪᠤᠷᠢᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ《ᠳᠦᠷᠢᠮ》᠎ᠤᠨ ᠭᠣᠣᠯ ᠵᠣᠷᠢᠯᠲᠠ ᠪᠠ ᠲᠣᠭᠲᠠᠭ᠋ᠠᠯ᠎ᠤᠨ ᠲᠤᠬᠠᠶ ᠪᠦᠬᠦ ᠲᠠᠯ᠎ᠠ᠎ᠪᠠᠷ ᠣᠢ᠌ᠯᠠᠭ᠋ᠠᠭᠤᠯᠵᠤ ᠣᠨᠣᠪᠴᠢᠲᠠᠶ ᠡᠵᠡᠮᠰᠢᠭᠦᠯᠦᠭᠰᠡᠨ ᠪᠠᠢ᠌ᠨ᠎ᠠ᠃ ᠡᠨᠳᠡ ᠰᠠᠭᠤᠭ᠎ᠠ ᠨᠠᠮ᠎ᠤᠨ ᠭᠡᠰᠢᠭᠦᠨ ᠺᠠᠳ᠋ᠷᠴᠤᠳ᠂ ᠴᠠᠭ ᠢᠮᠠᠭᠲᠠ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠰᠠᠬᠢᠯᠭ᠎ᠠ ᠪᠠᠲᠤ ᠵᠢᠨ ᠬᠥᠪᠴᠢ᠎ᠪᠠᠨ ᠴᠢᠩᠭ᠋ᠠᠯᠠᠵᠤ᠂ ᠥᠪᠡᠷ᠎ᠢ᠎ᠪᠠᠨ ᠴᠢᠩᠭ᠎ᠠ ᠬᠢᠵᠠᠭ᠋ᠠᠷᠯᠠᠵᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ ᠭᠡᠵᠦ ᠢᠯᠡᠳᠬᠡᠵᠡᠭᠡᠪᠡ᠃ ᠲᠠᠢ᠌ᠯᠤᠮᠵᠢ ᠵᠢᠨ ᠭᠣᠤᠯ ᠰᠡᠳᠦᠪ ᠲᠣᠪᠣᠢ᠌ᠮ᠎ᠠ᠂ ᠯᠣᠭᠢᠭ ᠲᠣᠳᠣᠷᠬᠠᠶ᠂ ᠤᠳᠬ᠎ᠠ ᠰᠠᠨᠠᠭ᠎ᠠ ᠭᠦᠨ ᠭᠦᠨᠵᠡᠭᠡᠶ ᠪᠠᠢ᠌ᠵᠤ᠂ ᠨᠢᠭᠡᠨ ᠭᠣᠢ᠌ᠳᠠ ᠰᠠᠢ᠌ᠬᠠᠨ ᠰᠠᠬᠢᠯᠭ᠎ᠠ ᠪᠠᠲᠤ ᠵᠢᠨ ᠬᠥᠮᠦᠵᠢᠯ᠎ᠤᠨ ᠬᠢᠴᠢᠶᠡᠯ ᠪᠣᠯᠬᠤ᠎ᠪᠠᠷ ᠪᠠᠷᠠᠬᠤ ᠥᠬᠡᠶ ᠪᠠᠰᠠ ᠴᠤ᠌ ᠨᠢᠭᠡᠨ ᠠᠮᠢᠳᠤᠯᠢᠭ ᠨᠠᠮᠴᠢ ᠴᠢᠨᠠᠷ᠎ᠤᠨ ᠬᠥᠮᠦᠵᠢᠯ᠎ᠤᠨ ᠬᠢᠴᠢᠶᠡᠯ᠂ ᠠᠷᠢᠭᠤᠨ ᠴᠢᠬᠡᠴᠢ ᠵᠢᠨ ᠬᠥᠮᠦᠵᠢᠯ᠎ᠤᠨ ᠬᠢᠴᠢᠶᠡᠯ ᠪᠠᠢ᠌ᠵᠤ᠂ ᠮᠠᠰᠢ ᠴᠢᠩᠭ᠎ᠠ ᠣᠨᠣᠯ᠎ᠤᠨ ᠴᠢᠨᠠᠷ᠂ ᠦᠢᠯᠡᠳᠦᠯᠭᠡ ᠵᠢᠨ ᠴᠢᠨᠠᠷ ᠪᠠ ᠵᠢᠯᠣᠭᠣᠳᠬᠤ ᠴᠢᠨᠠᠷ᠎ᠲᠠᠢ ᠪᠠᠢ᠌ᠳᠠᠭ᠃




    ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠦᠬᠦ ᠨᠠᠮ᠎ᠤᠨ ᠭᠡᠰᠢᠭᠦᠳ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠥᠷᠨᠢᠭᠦᠯᠬᠦ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠤᠨ ᠭᠣᠣᠯᠳᠠᠯᠭ᠎ᠠ ᠵᠢ ᠦᠨᠡᠨ ᠬᠦ᠌ ᠡᠵᠡᠮᠳᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠣᠨᠣᠪᠴᠢᠲᠤ ᠴᠢᠨᠠᠷ ᠪᠣᠳᠠᠲᠤ ᠦᠷ᠎ᠡ ᠪᠦᠳᠦᠮᠵᠢᠳᠦ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠢ᠌ᠲᠡ᠎ᠳᠤᠨᠢ ᠬᠠᠷᠠᠭ᠋ᠠᠯᠵᠠᠬᠤ ᠵᠢ ᠴᠢᠩᠭ᠋ᠠᠳᠬᠠᠵᠤ᠂ ᠬᠣᠶᠠᠷ ᠲᠠᠯ᠎ᠠ᠎ᠪᠠᠷ ᠠᠳᠬᠤᠵᠤ ᠬᠣᠶᠠᠷ᠎ᠢ ᠠᠬᠢᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠰᠢᠪᠲᠤᠯᠤᠯᠲᠠ  》ᠵᠢᠨ ᠢᠨᠵᠧᠨᠧᠷᠢᠩ᠎ᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ ᠬᠠᠷᠢᠯᠴᠠᠨ ᠠᠬᠢᠭᠤᠯᠵᠤ ᠬᠠᠮᠲᠤ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠰᠠᠢ᠌ᠲᠠᠶ ᠬᠥᠭᠵᠢᠯᠲᠡ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠵᠦ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠪᠠ ᠰᠦᠨ ᠱᠤᠤ ᠴᠧᠩ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠵᠡᠢ
ᠥᠪᠡᠷᠲᠡᠭᠡᠨ ᠵᠠᠰᠠᠬᠤ ᠣᠷᠣᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠢ᠌ᠴᠢᠨ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠪᠡ
 
            