4 ᠰᠠᠷ᠎ᠠ ᠵᠢᠨ 27᠎ᠤ ᠡᠳᠦᠷ᠂ ᠪᠦᠭᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠢ ᠡᠷᠭᠢᠯᠡᠵᠠᠢ᠃
ᠬᠤᠸᠠᠩ ᡁᠢ ᠴᠢᠶᠠᠩ᠂ ᠡᠨᠡ ᠵᠢᠯ᠎ᠤᠨ ᠮᠠᠨ᠎ᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠢ᠌ᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠢ᠌ᠨ᠎ᠠ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠠᠶᠤᠯ ᠲᠦᠭᠰᠢᠭᠦᠷᠢ ᠵᠢ ᠰᠡᠷᠭᠡᠢ᠌ᠯᠡᠬᠦ ᠪᠠ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠢᠳᠡᠪᠬᠢᠲᠡᠢ ᠥᠷᠨᠢᠭᠦᠯᠵᠦ᠂ ᠭᠣᠣᠯ ᠮᠥᠷᠡᠨ ᠨᠠᠭᠤᠷ ᠴᠥᠭᠦᠷᠥᠮ᠎ᠤᠨ ᠠᠮᠤᠷ ᠲᠣᠭᠲᠠᠭᠤᠨ᠂ ᠠᠷᠠᠳ ᠢᠷᠭᠡᠳ᠎ᠤᠨ ᠠᠮᠤᠷ ᠠᠮᠤᠭᠤᠯᠠᠩ᠂ ᠨᠡᠢ᠌ᠭᠡᠮ᠎ᠤᠨ ᠠᠮᠤᠷ ᠲᠠᠢ᠌ᠪᠤᠩ ᠪᠠᠢ᠌ᠬᠤ ᠵᠢ ᠪᠦᠭᠦ ᠬᠦᠴᠦᠨ ᠵᠶ᠋ᠡᠷ ᠵᠶ᠋ᠡᠨ ᠰᠠᠬᠢᠨ ᠬᠠᠮᠠᠭ᠋ᠠᠯᠠᠬᠤ ᠬᠡᠷᠡᠭᠲᠡᠢ᠃ ᠶᠡᠬᠡ ᠦᠶᠡᠷ᠎ᠢ ᠰᠡᠷᠭᠡᠢ᠌ᠯᠡᠬᠦ᠂ ᠶᠡᠬᠡ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠶᠡᠬᠡ ᠠᠶᠤᠯ᠎ᠠᠴᠠ ᠠᠪᠤᠷᠠᠬᠤ᠂ ᠶᠡᠬᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ᠂ ᠰᠡᠷᠭᠡᠢ᠌ᠯᠡᠬᠦ᠂ ᠪᠠᠭ᠋ᠠᠰᠬᠠᠬᠤ᠂ ᠠᠪᠤᠷᠠᠬᠤ ᠪᠦᠭᠦ ᠬᠡᠯᠬᠢᠶ᠎ᠡ᠎ᠳᠤ ᠬᠠᠮᠵᠢᠯᠴᠠᠨ ᠬᠦᠴᠦᠯᠡᠵᠦ᠂ ᠭᠠᠩ ᠬᠠᠭᠰᠠᠷᠠᠭ᠋ᠠᠨ ᠦᠶᠡᠷ ᠤᠰᠤᠲᠤᠯ ᠵᠡᠷᠭᠡ᠎ᠪᠠᠷ ᠡᠭᠦᠰᠬᠦ᠂ ᠭᠠᠩ ᠬᠠᠭᠰᠠᠷᠠᠭ᠋ᠠᠨ ᠦᠶᠡᠷ ᠤᠰᠤᠲᠤᠯ᠎ᠤᠨ ᠲᠦᠷᠭᠡᠨ ᠬᠤᠪᠢᠷᠠᠬᠤ ᠵᠢ ᠴᠢᠩᠭ᠎ᠠ ᠰᠡᠷᠭᠡᠢ᠌ᠯᠡᠵᠦ᠂ ᠦᠶᠡᠷ ᠤᠰᠤᠲᠤᠯ ᠭᠠᠩ ᠬᠠᠭᠰᠠᠷᠠᠭ᠋ᠠᠨ᠎ᠤ ᠭᠠᠮᠰᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠠᠶᠤᠯᠭᠦᠢ ᠦᠢ᠍ᠯᠡᠳᠪᠦᠷᠢᠯᠡᠯ ᠪᠣᠯᠣᠨ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠴᠢᠩᠭ᠎ᠠ ᠠᠩᠬᠠᠷᠴᠤ᠂ ᠡᠯ᠎ᠡ ᠲᠥᠷᠥᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠴᠢᠩᠭ᠎ᠠ ᠪᠠᠢ᠌ᠴᠠᠭ᠋ᠠᠨ ᠨᠢᠭᠲᠠ ᠰᠡᠷᠭᠡᠢ᠌ᠯᠡᠵᠦ᠂ ᠠᠮᠤᠷ ᠲᠦᠪᠰᠢᠨ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠪᠠᠢ᠌ᠳᠠᠯ᠎ᠤᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠵᠢᠯᠤᠭᠣᠳᠬᠤ ᠭᠠᠵᠠᠷ᠎ᠤᠨ ᠠᠯᠪᠠᠨ ᠭᠡᠷ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ᠂ ᠤᠰᠤᠨ ᠠᠰᠢᠭᠯᠠᠯᠲᠠ ᠵᠢᠨ ᠲᠢᠩᠬᠢᠮ᠂ ᠴᠠᠭ ᠠᠭᠤᠷ᠎ᠤᠨ ᠲᠣᠪᠴᠢᠶ᠎ᠠ ᠪᠣᠯᠣᠨ ᠬᠣᠯᠪᠣᠭᠳᠠᠯ ᠪᠦᠬᠦᠢ ᠠᠢ᠌ᠮᠠᠭ ᠬᠣᠲᠠ ᠵᠢᠨ᠎ᠬᠢᠨ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃